| | ᠵᠢᠯ ᠤᠨ ᠡᠬᠢᠨ ᠠᠴᠠ ᠨᠠᠭᠠᠰᠢ᠂ ᠭᠦᠭᠡᠬᠤᠲᠠ ᠶᠢᠨ ᠮᠦᠽᠧᠢ ᠶᠢᠨ ᠬᠢᠨ ᠪᠡᠭᠡᠵᠢᠩ ᠤᠨ ᠬᠠᠭᠠᠨ ᠤ ᠣᠷᠳᠣᠨ | ᠤ ᠮᠦᠽᠧᠢ᠂ ᠰᠠᠨ ᠰᠢᠩ ᠳ᠋ᠦᠢ ᠮᠦᠽᠧᠢ ᠯᠦᠭᠡ ᠬᠠᠮᠲᠤᠷᠠᠯᠴᠠᠭ᠎ᠠ ᠪᠠᠨ ᠴᠢᠩᠭᠠᠳᠬᠠᠨ᠂ ︽ᠱᠣ᠋ ᠶᠢᠨ ᠰᠣᠶᠣᠯ ᠤᠨ | ᠣᠨᠴᠠᠭᠠᠢ ᠦᠵᠡᠭᠦᠯᠭᠡ︾᠂ ︽ᠬᠠᠭᠠᠨ ᠤ ᠣᠷᠳᠣᠨ ᠤ ᠮᠦᠽᠧᠢ ᠳᠠᠬᠢ ᠣᠷᠳᠣᠨ ᠤ ᠬᠠᠰ ᠡᠳ᠋ᠯᠡᠯ ᠤᠨ ᠦᠵᠡᠭᠦᠯᠭᠡ︾ | ᠵᠡᠷᠭᠡ ᠨᠢᠭᠡ ᠪᠦᠯᠦᠭ ᠰᠣᠶᠣᠯ ᠤᠨ ᠦᠵᠡᠰᠭᠦᠯᠡᠩ ᠢ ᠡᠷᠭᠢᠯᠡᠨ ᠶᠠᠪᠤᠭᠳᠠᠭᠤᠯᠵᠤ᠂ 261 ᠲᠦᠮᠡᠨ ᠵᠢᠭᠤᠯᠴᠢᠯᠠᠭᠴᠢ | ︵ᠤᠳᠠᠭ᠎ᠠ︶ ᠶᠢ ᠭᠥᠯᠢᠶᠡᠨ ᠠᠪᠴᠠᠢ᠃ | | | ᠭᠦᠭᠡᠬᠤᠳᠠ ᠮᠦᠽᠧᠢ ᠶᠢᠨ ᠬᠤᠲᠠ ᠶᠢ ᠴᠣᠭᠴᠠᠯᠠᠨ ᠪᠠᠶᠢᠭᠤᠯᠬᠤ ᠶᠢᠨ ᠲᠥᠯᠥᠭᠡ ᠭᠦᠭᠡᠬᠤᠲᠠ ᠶᠢᠨ | ᠮᠦᠽᠧᠢ ᠶᠢ ᠣᠯᠠᠨ ᠤᠯᠤᠰ ᠤᠨ ᠮᠦᠽᠧᠢ ᠶᠢᠨ ᠨᠡᠶᠢᠭᠡᠮᠯᠢᠭ ᠲᠤ ᠣᠷᠣᠭᠤᠯᠬᠤ ᠶᠢᠨ ᠬᠠᠮᠲᠤ ᠭᠦᠭᠡᠬᠤᠲᠠ ᠶᠢᠨ | ᠮᠦᠽᠧᠢ ᠶᠢᠨ ᠬᠦᠷᠢᠶᠡᠯᠡᠩ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠢᠯᠢ ᠲᠠᠯ᠎ᠠ ᠨᠤᠲᠤᠭ ᠤᠨ ᠰᠦ ᠶᠢᠨ | ᠰᠣᠶᠣᠯ ᠤᠨ ᠮᠦᠽᠧᠢ ᠵᠡᠷᠭᠡ 3 ᠤᠯᠤᠰ ᠤᠨ ᠨᠢᠭᠡᠳᠦᠭᠡᠷ ᠳᠡᠰ ᠤᠨ ᠮᠦᠽᠧᠢ ᠶᠢ ᠪᠠᠶᠢᠭᠤᠯᠵᠤ᠂ ᠳ᠋ᠠ ᠱᠧᠩ ᠺᠦᠢ | ᠶᠢᠨ ᠰᠣᠶᠣᠯ ᠤᠨ ᠮᠦᠽᠧᠢ ᠶᠢ ᠨᠡᠭᠡᠭᠡᠪᠡ᠃ ᠪᠠᠰᠠ ᠠᠷᠪᠠᠳᠤᠭᠠᠷ ᠬᠤᠭᠤᠴᠠᠭᠠᠨ ᠤ ︽ᠮᠦᠽᠧᠢ ᠶᠢᠨ ᠦᠵᠡᠰᠭᠦᠯᠡᠩ | ᠤᠨ ᠴᠤᠭᠯᠠᠭᠠᠨ︾ ᠢ ᠡᠷᠭᠢᠯᠡᠵᠦ᠂ ︽ᠪᠠᠶᠠᠷ ᠪᠠᠶᠠᠰᠤᠯᠲᠠᠢ ᠰᠢᠨᠡᠯᠡᠵᠦ ᠴᠠᠭᠠᠨ ᠰᠠᠷ᠎ᠠ ᠶᠢ ᠤᠭᠲᠤᠬᠤ︾᠂ ︽5·18 ᠤᠯᠠᠨ | ᠤᠯᠤᠰ ᠤᠨ ᠮᠦᠽᠧᠢ ᠶᠢᠨ ᠡᠳᠦᠷ︾ ᠵᠡᠷᠭᠡ 100 ᠭᠠᠷᠤᠢ ᠤᠳᠠᠭᠠᠨ ᠤ ᠰᠣᠶᠣᠯ ᠤᠨ ᠦᠵᠡᠰᠭᠦᠯᠡᠩ ᠢ ᠡᠷᠭᠢᠯᠡᠪᠡ᠃ | | | | ᠡᠨᠡ ᠵᠤᠨ ᠤ ᠴᠢᠯᠦᠭᠡᠨ ᠳᠤ ᠮᠦᠽᠧᠢ ᠳᠤ ᠬᠦᠷᠴᠦ ᠡᠷᠲᠡᠨ ᠡᠳᠦᠭᠡᠬᠢ ᠶᠢ ᠲᠣᠭᠤᠷᠢᠨ ᠦᠵᠡᠬᠦ ᠨᠢ ᠬᠥᠮᠥᠰ | ᠤᠨ ᠨᠢᠭᠡ ᠵᠦᠢᠯ ᠤᠨ ᠰᠢᠨ᠎ᠡ ᠬᠡᠪ ᠰᠤᠷᠲᠠᠯ ᠪᠣᠯᠪᠠ᠃ ᠭᠦᠭᠡᠬᠤᠲᠠ ᠶᠢᠨ ᠡᠯ᠎ᠡ ᠶᠡᠭᠡ ᠣᠷᠳᠣᠨ ᠮᠦᠽᠧᠢ ᠨᠢ | ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠵᠦ᠂ ᠦᠵᠡᠭᠴᠢᠳ ᠲᠤ ᠰᠢᠨ᠎ᠡ ᠰᠡᠪᠡᠭᠦᠨ ᠦᠵᠡᠭᠦᠯᠭᠡ ᠶᠢ | ᠰᠣᠨᠢᠷᠬᠠᠭᠤᠯᠤᠨ᠂ ᠨᠢᠭᠡ ᠡᠳᠦᠷ ᠤᠨ ᠲᠣᠭᠤᠷᠢᠨ ᠦᠵᠡᠭᠰᠡᠨ ᠬᠥᠮᠥᠨ ᠤ ᠲᠤᠭ᠎ᠠ ᠨᠢ ᠤᠳᠠᠭ᠎ᠠ ᠳᠠᠷᠠᠭᠠᠯᠠᠨ ᠲᠡᠮᠳᠡᠭᠯᠡᠯ | ᠰᠢᠨᠡᠳᠬᠡᠵᠦ᠂ ᠵᠤᠨ ᠤ ᠴᠢᠯᠦᠭᠡᠨ ᠤ ᠭᠡᠷ ᠪᠦᠯᠢ ᠶᠢᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠪᠣᠯᠵᠠᠢ᠃ ᠠᠷᠠᠳ | ᠣᠯᠠᠨ ᠤ ᠣᠶᠤᠨ ᠤ ᠰᠣᠶᠣᠯ ᠤᠨ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠠᠩ ᠣᠯᠠᠨ | ᠬᠥᠮᠥᠨ ᠢ ᠮᠦᠽᠧᠢ ᠳᠤ ᠣᠷᠣᠭᠤᠯᠬᠤ ᠶᠢᠨ ᠲᠤᠯᠠᠳᠠ ᠭᠦᠭᠡᠬᠤᠲᠠ ︽ᠵᠣᠣ ᠵᠢᠶᠦ᠋ᠨ ᠠᠷᠤ ᠭᠠᠵᠠᠷ ᠮᠣᠷᠳᠠᠭᠰᠠᠨ ᠵᠠᠮ | ᠳᠠᠭᠠᠤ ᠶᠢᠨ ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠢ ᠰᠡᠳᠦᠪᠲᠦ ᠦᠵᠡᠭᠦᠯᠭᠡ︾᠂ ︽ᠬᠠᠭᠠᠨ ᠤ | ᠣᠷᠳᠣᠨ ᠤ ᠮᠦᠽᠧᠢ ᠳᠤ ᠬᠠᠳᠠᠭᠠᠯᠠᠵᠤ ᠪᠠᠶᠢᠭ᠎ᠠ ᠴᠢᠩ ᠤᠯᠤᠰ ᠤᠨ ᠦᠶ᠎ᠡ ᠶᠢᠨ ᠣᠷᠳᠣᠨ ᠤ ᠬᠠᠰ ᠡᠳ᠋ᠯᠡᠯ ᠤᠨ | ᠦᠵᠡᠭᠦᠯᠭᠡ︾ ᠵᠡᠷᠭᠡ ᠰᠣᠳᠣᠨ ᠵᠦᠢᠯᠡᠰ ᠤᠨ ᠦᠵᠡᠭᠦᠯᠭᠡ ᠶᠢ ᠡᠷᠭᠢᠯᠡᠨ ᠶᠠᠪᠤᠭᠳᠠᠭᠤᠯᠤᠭᠰᠠᠨ ᠪᠠᠶᠢᠨ᠎ᠠ᠃ |