9 ᠳ᠋ᠦ᠋ᠭᠡᠷ ᠰᠠᠷ᠎ᠠ ᠶᠢᠨ 11 ᠤ ᠡᠳᠦᠷ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/9/11
     9 ᠳ᠋ᠦ᠋ᠭᠡᠷ ᠰᠠᠷ᠎ᠠ ᠶᠢᠨ 8 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠤᠨ ᠳ᠋ᠦᠩ ᠶᠢᠩ ES ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠷᠢᠨ ᠸᠠᠨᠠᠳᠢ ᠶᠢᠨ ᠰᠢᠩᠭᠡᠨ ᠤᠷᠤᠰᠬᠠᠯᠲᠤ ᠡᠨᠧᠷᠭᠢ ᠬᠠᠳᠠᠭᠠᠯᠠᠬᠤ ᠴᠠᠬᠢᠯᠭᠠᠨ  ᠴᠡᠨᠡᠭ ᠦᠢᠯᠡᠳᠪᠦᠷᠢᠯᠡᠬᠦ ᠲᠥᠷᠥᠯ ᠵᠦᠢᠯ ᠬᠥᠬᠡᠬᠤᠲᠠ ᠳᠤ ᠨᠤᠲᠤᠭᠰᠢᠪᠠ᠃  ᠲᠥᠷᠥᠯ ᠵᠦᠢᠯ ᠤᠨ ᠬᠡᠪᠴᠢᠶ᠎ᠡ ᠨᠢ 10GW/40GWh  ᠪᠠᠶᠢᠵᠤ᠂ ᠪᠠᠶᠢᠭᠤᠯᠤᠭᠳᠠᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 300 ᠳ᠋ᠦᠩᠰᠢᠭᠤᠷ ᠲᠥᠭᠦᠷᠢᠭ ᠲᠤ ᠬᠦᠷᠬᠦ ᠪᠠᠷ ᠵᠢᠱᠢᠵᠦ ᠪᠣᠢ᠃ ︵ᠬᠥᠬᠡᠬᠤᠲᠠ ᠶᠢᠨ ᠵᠠᠰᠠᠭ ᠤᠨ ᠣᠷᠳᠣᠨ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ︶           ᠣᠶᠢᠷ᠎ᠠ ᠳᠤ᠂ ᠶᠡᠷᠦᠩᠬᠡᠢ ᠪᠡᠯᠡ ᠣᠷᠣᠭᠤᠯᠤᠯᠲᠠ ᠨᠢ 3500 ᠲᠦᠮᠡᠨ ᠲᠥᠭᠦᠷᠢᠭ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠣᠶᠤᠨᠴᠢᠯᠠᠨ ᠥᠭᠡᠷᠡᠴᠢᠯᠡᠬᠦ ᠂ ᠬᠡᠯᠪᠡᠷᠢ ᠬᠤᠪᠢᠷᠠᠭᠤᠯᠬᠤ︾ ᠰᠢᠨ᠎ᠡ ᠡᠭᠦᠳᠦᠯᠲᠡ ᠶᠢᠨ ᠠᠭᠤᠰᠤᠯᠴᠠᠯ ᠤᠨ ᠲᠥᠪ ᠰᠠᠶᠢᠬᠠᠨ ᠲᠣᠭᠤᠷᠢᠭ ᠲᠤ ᠪᠠᠶᠢᠭᠤᠯᠤᠭᠳᠠᠪᠠ᠃ ︵ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ︶
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号