ᠰᠠᠶᠢᠬᠠᠨ ᠲᠣᠭᠤᠷᠢᠭ ᠬᠤᠶᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠪᠠᠶᠠᠷ ᠤᠨ ᠡᠬᠢᠯᠡᠯᠲᠡ ᠶᠢᠨ ᠶᠣᠰᠣᠯᠠᠯ ᠵᠢᠴᠢ ︽ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/9/12
     ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠭᠡᠷ ᠪᠦᠯᠢ ᠶᠢᠨ ᠡᠶ᠎ᠡ ᠨᠠᠶᠢᠷ ᠢ ᠨᠡᠮᠡᠭᠳᠡᠭᠦᠯᠵᠦ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 9 ᠰᠠᠷ᠎ᠠ ᠶᠢᠨ 10 ᠤ ᠡᠳᠦᠷ᠂ ᠰᠠᠶᠢᠬᠠᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠪᠠᠶᠠᠷ ᠤᠨ ᠡᠬᠢᠯᠡᠯᠲᠡ ᠶᠢᠨ ᠶᠣᠰᠣᠯᠠᠯ ᠵᠢᠴᠢ ︽ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠬᠤ︾ ᠭᠤᠣᠯ ᠰᠡᠳᠦᠪᠲᠦ ᠠᠵᠢᠯᠯᠠᠭ᠎ᠠ ᠰᠠᠶᠢᠬᠠᠨ ᠲᠣᠭᠤᠷᠢᠭ ᠤᠨ ᠠᠷᠠᠳ ᠤᠨ ᠵᠠᠮ ᠵᠡᠭᠡᠯᠢ ᠭᠤᠳᠤᠮᠵᠢ ᠶᠢᠨ ᠭᠡᠷ ᠪᠦᠯᠢ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠲᠤ ᠶᠠᠪᠤᠭᠳᠠᠪᠠ᠃
         ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠷᠰᠢ ᠵᠡᠷᠭᠡᠯᠡᠳᠡᠭᠡ ᠶᠢᠨ ᠪᠠᠶᠠᠷ ᠤᠨ ᠡᠳᠦᠷ ᠤᠨ ᠬᠠᠮᠤᠭ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠠᠭᠤᠭᠠᠯᠢ ᠠᠷᠠᠳ ᠤᠨ ᠠᠯᠠᠭ᠎ᠠ ᠲᠡᠰᠢᠯᠲᠡ ᠶᠢᠨ ᠳᠠᠭᠤᠨ ᠪᠣᠯᠣᠨ ᠬᠠᠰᠬᠢᠷᠬᠤ ᠳᠠᠭᠤᠨ  ᠦᠷᠭᠦᠯᠵᠢᠯᠡᠵᠦ᠂ ᠭᠠᠷ ᠤᠲᠠᠰᠤ ᠪᠠᠷ ᠢᠶᠠᠨ ᠰᠡᠭᠦᠳᠡᠷᠯᠡᠭᠰᠡᠨ ᠪᠥᠭᠡᠳ ᠲᠦᠷᠦᠯ ᠰᠠᠳᠤᠨ ᠨᠠᠶᠢᠵᠠ ᠨᠥᠬᠦᠳ ᠲᠠᠢ ᠪᠠᠨ ᠪᠠᠶᠠᠷ ᠢᠶᠠᠨ ᠬᠤᠪᠢᠶᠠᠯᠴᠠᠪᠠ᠃
     
           ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢᠨ ᠲᠣᠭᠤᠷᠢᠭ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠭᠠᠷᠭᠠᠵᠤ᠂ ᠤᠷᠠᠨ ᠬᠢᠴᠡᠲᠦ ᠳ᠋ᠧᠩᠯᠦ DIY᠂ ᠭᠠᠷ ᠢᠶᠠᠷ ᠵᠢᠷᠤᠵᠤ ᠴᠢᠮᠡᠭᠯᠡᠬᠦ᠂ ᠤᠰᠤ ᠪᠠᠷ ᠱᠦᠭᠦᠬᠦ ᠰᠠᠷ᠎ᠠ ᠶᠢᠨ ᠴᠠᠭᠠᠷᠢᠭ ᠵᠡᠷᠭᠡ ᠠᠵᠢᠯᠯᠠᠭ᠎ᠠ ᠶᠢ ᠪᠠᠭᠲᠠᠭᠠᠵᠤ᠂ ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠡᠮᠴᠢ ᠪᠠ ᠰᠤᠪᠢᠯᠠᠭᠴᠢ ᠶᠢ ᠤᠷᠢᠵᠤ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡ ᠬᠢᠯᠭᠡᠪᠡ᠃ ᠡᠲᠡᠭᠡᠷ ᠠᠵᠢᠯᠯᠠᠭ᠎ᠠ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠶᠢᠨ ᠬᠠᠮᠲᠤ ᠡᠶ᠎ᠡ ᠵᠣᠬᠢᠴᠠᠯ ᠲᠠᠢ ᠰᠠᠶᠢᠨ ᠰᠠᠶᠢᠬᠠᠨ ᠬᠥᠷᠰᠢ ᠵᠡᠷᠭᠡᠯᠡᠳᠡᠭᠡ ᠶᠢᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠭᠰᠠᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠰᠠᠶᠢᠨ ᠬᠥᠷᠰᠢ ᠵᠡᠷᠭᠡᠯᠡᠳᠡᠭᠡ᠂ ᠰᠠᠶᠢᠨ ᠦᠷ᠎ᠡ ᠬᠡᠦᠬᠡᠳ᠂ ᠰᠠᠶᠢᠨ ᠬᠠᠳᠠᠮ ᠡᠬᠡ᠂ ᠰᠠᠶᠢᠨ ᠪᠡᠷᠢ᠂ ᠰᠠᠶᠢᠨ ᠠᠪᠢᠰᠤᠨ ᠵᠡᠷᠭᠡ ︽ᠲᠠᠪᠤᠨ ᠰᠠᠶᠢᠨ ᠲᠠᠢ︾ ᠴᠣᠯᠠ ᠬᠦᠷᠲᠡᠭᠰᠡᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃
           ᠲᠣᠰ ᠤᠳᠠᠭᠠᠨ ᠤ ᠬᠥᠷᠰᠢ ᠵᠡᠷᠭᠡᠯᠡᠳᠡᠭᠡ ᠶᠢᠨ ᠪᠠᠶᠠᠷ ᠤᠨ ᠠᠵᠢᠯᠯᠠᠭ᠎ᠠ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠳᠠᠮᠵᠢᠭᠤᠯᠬᠤ ᠪᠣᠯᠣᠨ᠎ᠠ᠃ ᠵᠠᠯᠭᠠᠭᠠᠳ᠂ ᠰᠠᠶᠢᠬᠠᠨ ᠲᠣᠭᠤᠷᠢᠭ ︽ᠬᠥᠮᠥᠨ ᠢᠶᠠᠷ ᠦᠨᠳᠦᠰᠦ ᠪᠣᠯᠭᠠᠬᠤ︾ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠬᠥᠷᠰᠢ ᠵᠡᠷᠭᠡᠯᠡᠳᠡᠭᠡ ᠶᠢᠨ ᠪᠠᠶᠠᠷ ᠤᠨ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ ᠶᠢᠨ ᠨᠡᠶᠢᠭᠡᠮ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠵᠣᠬᠢᠴᠠᠭᠤᠯᠵᠤ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠯᠠᠭ᠎ᠠ ᠶᠢ ᠪᠠᠶᠢᠩᠭᠤᠵᠢᠭᠤᠯᠵᠤ᠂ ᠴᠢᠨᠠᠷ ᠰᠠᠶᠢᠲᠠᠢ ᠥᠷᠨᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠭᠠᠵᠠᠷ ᠪᠣᠯᠭᠠᠨ ᠳᠤ ᠳᠤᠯᠠᠭᠠᠴᠠᠭᠤᠯᠵᠤ᠂ ᠵᠣᠯ ᠵᠢᠷᠭᠠᠯᠲᠤ ᠠᠮᠢᠳᠤᠷᠠᠯ ᠢ ᠦᠨᠡᠨ ᠪᠣᠳᠠᠲᠠᠢ ᠲᠥᠷᠥᠭᠳᠡᠯ ᠲᠠᠢ ᠪᠣᠯᠭᠠᠨ᠎ᠠ᠃                  ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号