ᠰᠠᠶᠢᠬᠠᠨ ᠲᠣᠭᠤᠷᠢᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/13
       9 ᠰᠠᠷ᠎ᠠ ᠶᠢᠨ 11 ᠤ ᠡᠳᠦᠷ᠂ ᠰᠠᠶᠢᠬᠠᠨ ᠲᠣᠭᠤᠷᠢᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ᠃ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠪᠠᠷ ᠲᠠᠮᠵᠢᠨ᠂ ᠬᠢᠯᠠᠰ ᠴᠡᠭ ᠢ ᠦᠵᠡᠵᠦ᠂ ᠬᠥᠭᠵᠢᠯᠲᠡ ᠶᠢ ᠶᠠᠷᠢᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠰᠠᠶᠢᠬᠠᠨ ᠲᠣᠭᠤᠷᠢᠭ ᠤᠨ ᠠᠵᠤ ᠦᠢᠯᠡᠰ ᠢ ᠠᠳᠬᠤᠬᠤ᠂ ᠬᠥᠭᠵᠢᠯᠲᠡ ᠶᠢ ᠡᠷᠢᠯᠬᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠦᠴᠦᠷᠬᠡᠭ ᠶᠡᠭᠡ ᠰᠤᠳᠠᠰᠤ ᠶᠢ ᠣᠶᠢᠯᠠᠭᠠᠪᠠ᠃ ᠡᠯ᠎ᠡ ᠭᠠᠵᠠᠷ ᠣᠷᠣᠨ ᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠣᠭᠤᠷᠢᠨ ᠦᠵᠡᠬᠦ ᠳᠤ ᠣᠷᠣᠯᠴᠠᠪᠠ᠃
       ᠬᠤᠷᠠᠯ ᠳᠤ ᠣᠷᠣᠯᠴᠠᠭᠰᠠᠳ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠯᠣᠭᠤᠳᠤᠨ ᠲᠣᠬᠢᠷᠠᠭᠤᠯᠬᠤ ᠲᠥᠪ᠂ ᠰᠠᠢ ᠱᠧᠩ ᠵᠢᠯ ᠳᠤ 800 ᠲᠣᠨ ᠨᠡᠭᠦᠷᠡᠰᠦᠲᠥ᠋ᠷᠥᠭᠴᠢᠲᠦ ᠴᠠᠬᠢᠭᠤᠷ ᠤᠨ ᠮᠥᠬᠦᠯᠢᠭᠲᠦ ᠮᠠᠲ᠋ᠧᠷᠢᠶᠠᠯ ᠤᠨ ᠲᠦᠷᠦᠯ ᠵᠦᠢᠯ᠂ ᠬᠤᠸᠠᠨ ᠱᠧᠩ 10GW ᠲᠣᠨᠣᠭᠯᠠᠯ ᠤᠨ ᠣᠶᠤᠨᠲᠤ ᠦᠢᠯᠡᠳᠪᠦᠷᠢ ᠶᠢᠨ ᠲᠦᠷᠦᠯ ᠵᠦᠢᠯ᠂ ᠰᠢᠨ ᠬᠤᠸᠠ ᠶᠢᠨ 1 ᠲᠦᠮᠡᠨ ᠲᠣᠨ ᠥᠨᠳᠥᠷ ᠴᠡᠪᠡᠷ ᠡᠯᠧᠺᠲᠷᠣᠨ ᠤ ᠲᠡᠰ ᠤᠨ ᠤᠯᠠᠨ ᠲᠠᠯᠠᠰᠲᠤ ᠴᠠᠬᠢᠭᠤᠷ ᠤᠨ ᠲᠦᠷᠦᠯ ᠵᠦᠢᠯ᠂ ᠶᠡᠭᠡ ᠲᠦᠷᠭᠡᠨ ᠭᠤᠣᠯ ᠤᠨ ᠪᠠᠪᠠᠢ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ᠂ ᠶᠡᠭᠡ ᠲᠦᠷᠭᠡᠨ ᠭᠤᠣᠯ ᠤᠨ ᠪᠠᠪᠠᠢ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ᠂ ᠥᠪᠥᠷ ᠮᠣᠩᠭᠤᠯ ᠤᠨ ᠳᠣᠬᠢᠭᠤᠷ ᠲᠤᠯᠤᠭᠠᠨ ᠣᠲᠣ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ︽ᠤᠶᠤᠨ ᠤ ᠥᠭᠡᠷᠡᠴᠢᠯᠡᠯᠲᠡ ᠶᠢᠨ ᠲᠣᠭᠠᠴᠢᠯᠠᠭᠰᠠᠨ ᠡᠷᠭᠢᠯᠲᠡ︾ ᠶᠢᠨ ᠰᠢᠨ᠎ᠡ ᠶᠢ ᠡᠭᠦᠳᠬᠦ ᠠᠭᠤᠰᠤᠯᠴᠠᠯ ᠤᠨ ᠲᠥᠪ᠂ ᠾᠧ ᠰᠢᠩ ᠶᠤᠸᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ᠂ ᠤᠮᠠᠷᠠᠲᠤ ᠬᠢᠯᠢ ᠶᠢᠨ ᠰᠠᠭᠤᠭᠳᠠᠯ ᠰᠣᠶᠣᠯ ᠤᠷᠠᠯᠢᠭ ᠤᠨ ᠲᠥᠪ᠂ ᠪᠡᠭᠡᠵᠢᠩ ᠶᠡᠭᠡ ᠰᠤᠷᠭᠠᠭᠤᠯᠢ ᠶᠢᠨ ᠠᠯᠳᠠᠨ ᠨᠠᠮᠤᠷ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠤᠷᠰᠢᠯᠲᠠ ᠶᠢᠨ ᠰᠤᠷᠭᠠᠭᠤᠯᠢ᠂ ᠪᠦᠦ ᠱᠧᠩ ᠡᠳ᠋ᠯᠡᠩ ᠤᠨ ᠪᠤᠴᠠᠵᠤ ᠨᠡᠭᠦᠬᠦ ᠭᠡᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠥᠬᠡᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠵᠢᠴᠢ ᠵᠢᠶᠠ ᠱᠢ ᠳ᠋ᠥᠸᠧ ᡁᠢ ᠲᠠᠷᠢᠶᠠᠯᠠᠩ ᠤᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
      ᠬᠤᠷᠠᠯ ᠳᠤ ᠣᠷᠣᠯᠴᠠᠭᠰᠠᠳ ᠠᠵᠤ ᠠᠬᠤᠶᠢᠯᠠᠯ᠂ ᠦᠢᠯᠡᠳᠪᠦᠷᠢ ᠶᠢᠨ ᠲᠠᠰᠤᠭ ᠲᠤ ᠣᠷᠣᠵᠤ᠂ ᠲᠤᠬᠠᠢ ᠶᠢᠨ ᠲᠠᠯᠠᠪᠠᠢ ᠶᠢ ᠦᠵᠡᠵᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠰ ᠤᠨ ᠬᠥᠭᠵᠢᠯᠲᠡ ᠶᠢ ᠦᠵᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠵᠡᠵᠦ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠷᠡᠰ ᠪᠠᠲᠤ ᠢᠲᠡᠭᠡᠯ ᠵᠣᠷᠢᠭ ᠪᠠ ᠡᠷᠡᠰ ᠵᠣᠷᠢᠭ ᠢ ᠦᠨᠡᠨ ᠬᠦ ᠣᠶᠢᠯᠠᠭᠠᠪᠠ᠃ ᠲᠤᠰ ᠤᠳᠠᠭᠠᠨ ᠤ ᠦᠵᠡᠭᠦᠯᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠴᠢᠩᠭ᠎ᠠ᠂ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠲᠦᠷᠭᠡᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠲᠦᠷᠭᠡᠨ ᠨᠠᠶᠢᠳᠠᠪᠤᠷᠢᠵᠢᠭᠤᠯᠤᠭᠳᠠᠵᠤ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠢᠯᠡᠷᠡᠭᠦᠯᠵᠦ᠂ ᠬᠤᠶᠢᠰᠢᠳᠠ ᠶᠢᠨ ᠠᠵᠢᠯ ᠤᠨ ᠳᠤᠮᠳᠠ᠂ ᠦᠵᠡᠵᠦ ᠰᠡᠳᠬᠢᠨ ᠪᠣᠳᠣᠵᠤ ᠰᠤᠷᠤᠯᠴᠠᠬᠤ ᠪᠠᠨ ᠬᠥᠭᠵᠢᠯᠲᠡ ᠶᠢ ᠲᠦᠷᠭᠡᠳᠬᠡᠬᠦ ᠬᠦᠴᠦᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
       ᠡᠨᠡ ᠵᠢᠯ ᠠᠴᠠ᠂ ᠰᠠᠶᠢᠬᠠᠨ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠤᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠵᠤ᠂ ︽ᠣᠷᠣᠨ ᠤ ᠳᠣᠲᠣᠷ᠎ᠠ ᠳᠠᠬᠢᠨ ᠪᠠᠶᠢᠷᠢᠨ ᠳᠠᠭᠠᠨ ᠣᠷᠣᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠢ ᠲᠡᠮᠡᠴᠡᠨ ᠣᠯᠬᠤ︾ ᠬᠠᠷᠠᠯᠲᠠ ᠶᠢ ᠲᠣᠭᠲᠠᠭᠠᠭᠰᠠᠨ ᠪᠠᠶᠢᠨ᠎ᠠ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠵᠠᠪᠳᠤᠨ ᠡᠵᠡᠯᠡᠵᠦ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠵᠢᠨᠴᠢᠶᠣᠣ ᠶᠢᠨ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠠᠵᠤ ᠦᠢᠯᠡᠰ ᠤᠨ ᠬᠦᠷᠢᠶᠡᠯᠡᠩ ᠤᠨ ᠬᠠᠷᠢᠯᠴᠠᠨ ᠬᠦᠴᠦᠨ ᠨᠡᠮᠡᠷᠢᠯᠡᠵᠦ᠂ ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠪᠣᠯᠣᠨ ᠳᠣᠬᠢᠭᠤᠷ ᠳᠣᠯᠣᠭᠠᠨ ᠠᠵᠤ ᠦᠢᠯᠡᠰ ᠤᠨ ᠬᠦᠷᠢᠶᠡᠯᠡᠩ ᠤᠨ ᠵᠡᠭᠦᠨ ᠪᠠᠷᠠᠭᠤᠨ ᠬᠡᠰᠡᠭ ᠲᠠᠢ ᠬᠤᠯᠪᠣᠭᠠᠯᠠᠭᠰᠠᠨ ︽ᠬᠤᠶᠠᠷ ᠲᠣᠭᠤᠷᠢᠭ ᠬᠤᠶᠠᠷ ᠬᠦᠷᠢᠶᠡᠯᠡᠩ︾ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠣᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠵᠠᠯᠠᠭᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ︽ᠪᠠᠲᠤᠯᠠᠭ᠎ᠠ ᠶᠢᠨ ᠲᠣᠣᠷ︾ ᠢ ᠲᠠᠰᠤᠷᠠᠯᠲᠠ ᠦᠭᠡᠢ ᠨᠢᠭᠲᠠ ᠰᠦᠯᠵᠢᠪᠡ᠃ ︽ᠠᠮᠢ ᠠᠬᠤᠢ ᠶᠢ ᠰᠡᠷᠭᠦᠭᠡᠬᠦ᠂ ᠪᠣᠬᠢᠷᠲᠤᠯ ᠦᠭᠡᠢ ᠬᠠᠮᠲᠤᠪᠠᠷ ᠡᠳ᠋ᠯᠡᠬᠦ︾ ᠪᠠᠷᠢᠮᠲᠠᠯᠠᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠪᠥᠬᠦ ᠬᠤᠲᠠ ᠶᠢᠨ ︽ᠨᠢᠭᠡ ᠬᠤᠩᠭᠢᠯ ᠬᠤᠶᠠᠷ ᠲᠡᠩᠭᠡᠯᠢᠭ · ᠭᠤᠷᠪᠠᠨ ᠪᠦᠰᠡ︾ ᠶᠢᠨ ᠰᠣᠶᠣᠯ ᠵᠢᠭᠤᠯᠴᠢᠯᠠᠯ ᠤᠨ ᠰᠡᠳᠬᠢᠮᠵᠢ ᠶᠢ ᠪᠣᠶ ᠪᠣᠯᠭᠠᠵᠤ᠂ ᠶᠡᠭᠡ ᠲᠦᠷᠭᠡᠨ ᠭᠤᠣᠯ ᠤᠨ ᠠᠮᠢ ᠠᠬᠤᠢ ᠶᠢᠨ ᠵᠢᠭᠤᠯᠴᠢᠯᠠᠯ ᠤᠨ ᠪᠦᠰᠡ ᠶᠢ ᠪᠣᠶ ᠪᠣᠯᠭᠠᠵᠤ᠂ ᠮᠣᠷᠢᠨ ᠳᠡᠯ ᠠᠭᠤᠯᠠ ᠶᠢᠨ ᠴᠠᠰᠤᠨ ᠳᠤ ᠭᠤᠯᠭᠤᠬᠤ ᠲᠠᠯᠠᠪᠠᠶ᠂ ᠮᠧᠩ ᠰᠢ ᠰᠢᠶᠠᠨ ᠵᠡᠷᠭᠡ 26 ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠠᠶᠢᠭᠤᠯᠵᠤ᠂ ᠵᠢᠶᠠ ᠱᠢ ᠶᠤᠸᠠᠨ ᠳᠤᠮᠳᠠ ᠵᠠᠬ᠎ᠠ᠂ ᠶᠡᠭᠡ ᠲᠦᠷᠭᠡᠨ ᠭᠤᠣᠯ ᠤᠨ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ ᠵᠢᠷᠤᠭ ᠠᠭᠠᠵᠢᠮ ᠢᠶᠠᠷ ᠶᠠᠪᠤᠭᠳᠠᠪᠠ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号