ᠮᠠᠨ ᠤ ᠣᠷᠣᠨ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠳᠡᠭᠴᠢ︾ ᠶᠢ ᠰᠣᠩᠭᠤᠨ ᠬᠥᠮᠥᠵᠢᠭᠦᠯᠵᠦ ᠪᠤᠢ
ᠨᠡᠶᠢᠲᠡᠯᠡᠭᠰᠡᠨ ᠴᠠᠭ᠄
2024/9/14
     ᠣᠶᠢᠷ᠎ᠠ ᠳᠤ᠂ ᠮᠠᠨ ᠤ ᠣᠷᠣᠨ ᠪᠦᠭᠦ ᠤᠯᠤᠰ ᠲᠤ ᠲᠦᠷᠦᠭᠦᠯᠡᠨ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠳᠡᠭᠴᠢ︾ ᠶᠢ ᠰᠣᠩᠭᠤᠨ ᠬᠥᠮᠥᠵᠢᠭᠦᠯᠬᠦ ᠪᠠᠷ ᠳᠤᠷᠠᠳᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶᠠᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ︽︿ᠰᠦᠯᠵᠢᠶᠡᠨ ᠤ ᠬᠠᠤᠯᠢ ᠴᠠᠭᠠᠵᠠ  ᠶᠢ ᠰᠠᠶᠢᠨ ᠮᠡᠳᠡᠭᠴᠢ﹀ ᠶᠢ ᠰᠣᠩᠭᠤᠨ ᠬᠥᠮᠥᠵᠢᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠦᠭᠦ ᠣᠷᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠳᠡᠭᠴᠢ︾ ᠶᠢ ᠰᠣᠩᠭᠤᠨ ᠬᠥᠮᠥᠵᠢᠭᠦᠯᠬᠦ ᠪᠣᠯ ᠰᠢᠨ᠎ᠡ ᠪᠠᠶᠢᠳᠠᠯ ᠤᠨ ᠳᠣᠣᠷ᠎ᠠ ᠬᠠᠤᠯᠢ ᠶᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠶᠢ ᠭᠦᠨᠵᠡᠭᠡᠶᠢᠷᠡᠭᠦᠯᠬᠦ ᠠᠰᠢᠭᠲᠠᠢ ᠲᠤᠷᠰᠢᠴᠠ ᠪᠣᠯᠣᠨ᠎ᠠ᠂ ᠰᠦᠯᠵᠢᠶᠡᠨ ᠤ ᠣᠷᠣᠨ ᠵᠠᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠬᠥᠳᠡᠭᠡ ᠲᠣᠰᠬᠤᠨ ᠨᠡᠶᠢᠭᠡᠮ ᠲᠣᠭᠤᠷᠢᠭ ᠤᠨ ︽ᠬᠠᠤᠯᠢ ᠴᠠᠭᠠᠵᠠ ᠶᠢ ᠰᠠᠶᠢᠨ ᠮᠡᠳᠡᠭᠴᠢ︾᠂ ᠡᠮᠡᠭᠲᠡᠶᠢᠴᠦᠳ ᠤᠨ ᠬᠤᠯᠪᠤᠭ᠎ᠠ ᠶᠢᠨ ︽ᠬᠠᠤᠯᠢ ᠴᠠᠭᠠᠵᠠ  ᠶᠢ ᠰᠠᠶᠢᠨ ᠮᠡᠳᠡᠭᠴᠢ︾ ᠶᠢ ᠬᠥᠮᠥᠵᠢᠭᠦᠯᠦᠨ ᠬᠡᠷᠡᠭᠯᠡᠬᠦ ᠲᠤᠷᠰᠢᠯᠭ᠎ᠠ ᠶᠢ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠮᠥᠨ᠃ ᠡᠨᠡ ᠨᠢ ᠲᠥᠷᠥ ᠶᠢᠨ ᠪᠠᠶᠢᠭᠤᠯᠭ᠎ᠠ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠠᠬᠢᠭᠤᠯᠬᠤ᠂ ᠥᠷᠭᠡᠨ ᠣᠯᠠᠨ ᠰᠦᠯᠵᠢᠶᠡᠨ ᠢᠷᠭᠡᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠰᠦᠯᠵᠢᠶᠡᠨ ᠳᠤ ᠭᠠᠷᠬᠤ᠂ ᠠᠮᠤᠷ ᠲᠦᠪᠰᠢᠨ ᠢᠶᠠᠷ ᠰᠦᠯᠵᠢᠶ᠎ᠡ ᠶᠢ ᠬᠡᠷᠡᠭᠯᠡᠬᠦ᠂ ᠣᠶᠤᠨᠴᠢ ᠪᠠᠷ ᠦᠭᠡ ᠬᠡᠯᠡᠬᠦ᠂ ᠰᠦᠯᠵᠢᠶᠡᠨ ᠤ ᠰᠠᠶᠢᠨ ᠰᠠᠶᠢᠬᠠᠨ ᠠᠮᠢ ᠠᠬᠤᠢ ᠶᠢ ᠪᠤᠶ ᠪᠤᠯᠭᠠᠬᠤ ᠳᠤ ᠴᠢᠬᠤᠯᠠ ᠦᠢᠯᠡᠳᠦᠯ ᠲᠠᠢ ᠶᠤᠮ ᠭᠡᠵᠦ ︽ᠮᠡᠳᠡᠭᠳᠡᠯ︾ ᠳᠤ ᠵᠢᠭᠠᠵᠤ ᠭᠠᠷᠭᠠᠪᠠ᠃      ᠰᠦᠯᠵᠢᠶᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠠᠪᠤᠴᠠ ᠳᠠᠬᠢ ᠬᠠᠤᠯᠢ ᠪᠠᠷ ᠵᠠᠰᠠᠬᠤ ᠶᠢᠨ ᠰᠠᠭᠤᠷᠢ ᠴᠢᠨᠠᠷᠲᠠᠢ ᠦᠢᠯᠡᠳᠦᠯ ᠢ ᠭᠦᠨᠵᠡᠭᠡᠢ ᠲᠠᠨᠢᠵᠤ᠂ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠳᠡᠭᠴᠢ︾  ᠶᠢ ᠬᠥᠮᠥᠵᠢᠭᠦᠯᠬᠦ ᠠᠵᠢᠯ ᠢ ᠣᠷᠣᠨ ᠨᠤᠲᠤᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠣᠩᠭᠤᠨ ᠬᠥᠮᠥᠵᠢᠭᠦᠯᠬᠦ ᠠᠵᠢᠯ ᠢ ᠥᠷᠨᠢᠭᠦᠯᠵᠦ᠂ ︽ᠵᠣᠬᠢᠬᠤ ᠰᠦᠯᠵᠢᠶᠡᠨ ᠤ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ᠂ ᠰᠤᠷᠤᠯᠴᠠᠬᠤ ᠴᠢᠳᠠᠪᠤᠷᠢ ᠪᠠ ᠨᠡᠯᠢᠶᠡᠳ ᠰᠠᠶᠢᠨ ᠢᠯᠡᠳᠬᠡᠬᠦ ᠴᠢᠳᠠᠪᠤᠷᠢ ᠲᠠᠢ᠂ ᠵᠣᠬᠢᠬᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠲᠠᠢ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠡᠷᠡᠭ ᠶᠠᠪᠤᠳᠠᠯ ᠳᠤ ᠬᠠᠨᠳᠤᠨ᠂ ᠬᠡᠷᠡᠭ ᠶᠠᠪᠤᠳᠠᠯ ᠢ ᠰᠢᠢᠳᠪᠦᠷᠢᠯᠡᠵᠦ ᠴᠢᠳᠠᠬᠤ︾ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠵᠤ᠂ ︽ᠰᠦᠯᠵᠢᠶᠡᠨ ᠢᠷᠭᠡᠳ ᠢ ᠬᠥᠲᠥᠯᠥᠨ ᠵᠢᠯᠤᠭᠤᠳᠴᠤ ᠪᠠᠶᠢᠭᠠᠳ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠᠨ ᠣᠶᠤᠨᠴᠢ ᠪᠠᠷ ᠢᠯᠡᠳᠬᠡᠬᠦ᠂ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠰᠤᠷᠤᠯᠴᠠᠬᠤ ᠪᠠ ᠤᠬᠠᠭᠤᠯᠬᠤ᠂ ᠨᠠᠮ ᠪᠠ ᠤᠯᠤᠰ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠬᠤ︾ ᠵᠡᠷᠭᠡ ᠰᠦᠯᠵᠢᠶᠡᠨ ᠤ ᠣᠷᠣᠨ ᠵᠠᠢ ᠶᠢᠨ ᠬᠠᠤᠯᠢ ᠶᠢ ᠲᠦᠭᠡᠮᠡᠯᠵᠢᠭᠦᠯᠬᠦ ᠠᠵᠢᠯ ᠳᠤ ᠢᠳᠡᠪᠬᠢᠲᠡᠢ ᠣᠷᠣᠯᠴᠠᠭᠤᠯᠵᠤ᠂ ᠰᠦᠯᠵᠢᠶᠡᠨ ᠤ ᠣᠷᠣᠨ ᠵᠠᠢ ᠶᠢᠨ ᠬᠠᠤᠯᠢ ᠶᠣᠰᠣᠭᠠᠷ ᠤᠴᠢᠷ ᠶᠠᠪᠤᠳᠠᠯ ᠭᠦᠢᠴᠡᠳᠬᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ︽ᠮᠡᠳᠡᠭᠳᠡᠯ︾ ᠳᠤ ᠴᠢᠬᠤᠯᠠᠴᠢᠯᠠᠪᠠ᠃            ︽ᠮᠡᠳᠡᠭᠳᠡᠯ︾ ᠳᠤ 2025 ᠣᠨ ᠤ ᠰᠡᠭᠦᠯᠴᠢ ᠪᠤᠯᠬᠤ ᠳᠤ ᠪᠦᠭᠦ ᠣᠷᠣᠨ ᠤ ᠡᠯ᠎ᠡ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠨᠢᠭᠡᠴᠢ ᠶᠢᠨ ᠬᠢᠨ ᠲᠠᠨᠢᠯᠴᠠᠭᠤᠯᠬᠤ᠂ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠭᠤᠯᠤᠨ᠂ ᠰᠠᠯᠠᠭ᠎ᠠ ᠮᠥᠴᠢᠷ ᠨᠢᠭᠡᠴᠢ ᠨᠢᠭᠡ ᠪᠦᠷᠢ ᠳᠤ ᠨᠠᠭᠠᠲᠤ ᠵᠠᠬ᠎ᠠ ᠳᠠᠭᠠᠨ 3 ︱ 5 ᠨᠡᠷᠡᠰ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠳᠡᠭᠴᠢ︾ ᠶᠢ ᠬᠥᠮᠥᠵᠢᠭᠦᠯᠵᠦ ︵2024 ᠣᠨ ᠳᠤ ᠨᠠᠭᠠᠲᠤ ᠵᠠᠬ᠎ᠠ ᠳᠠᠭᠠᠨ 3 ᠨᠡᠷᠡᠰ ᠬᠥᠮᠥᠵᠢᠭᠦᠯᠦᠨ᠎ᠡ︶᠂ ᠡᠯ᠎ᠡ ᠱᠠᠲᠤᠨ ᠤ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠨᠢᠭᠡᠴᠢ ᠶᠢᠨ ︽ᠰᠦᠯᠵᠢᠶᠡᠨ ᠤ ᠬᠠᠤᠯᠢ ᠴᠠᠭᠠᠵᠠ ᠶᠢ ᠰᠠᠶᠢᠨ ᠮᠡᠳᠡᠭᠴᠢ︾ ᠶᠢ ᠪᠦᠭᠦᠨ ᠢ ᠬᠠᠮᠤᠷᠬᠤ ᠶᠢ ᠪᠡᠶᠡᠯᠡᠭᠦᠯᠵᠦ᠂ ᠲᠥᠷᠥ ᠶᠢᠨ ᠪᠠᠶᠢᠭᠤᠯᠭ᠎ᠠ ᠶᠢᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠳᠤᠮᠳᠠᠬᠢ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠪᠠᠷ ᠵᠠᠰᠠᠬᠤ ᠥᠪᠥᠷ ᠮᠣᠩᠭᠤᠯ᠂ ᠠᠮᠤᠭᠤᠯᠠᠩᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠭᠡᠵᠦ ᠲᠣᠳᠣᠷᠬᠠᠶᠢᠯᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号