ᠰᠦ ᠶᠢᠨ ᠦᠨᠦᠷ ᠬᠠᠩᠬᠤᠯᠤᠭᠰᠠᠨ ᠥᠪᠥᠷ ᠮᠣᠩᠭᠤᠯ
ᠨᠡᠶᠢᠲᠡᠯᠡᠭᠰᠡᠨ ᠴᠠᠭ᠄
2024/9/14
     ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠪᠠ ᠭᠠᠵᠠᠷ ᠵᠦᠢ ᠶᠢᠨ ᠢᠯᠡᠷᠬᠡᠶᠢᠯᠡᠯᠲᠡ  ᠶᠢᠨ ᠭᠡᠷᠡᠴᠢ ᠲᠡᠮᠳᠡᠭ ᠤᠨ ᠡᠷᠬᠡ ᠣᠯᠭᠤᠭᠰᠠᠨ 69 ᠡᠵᠡᠩᠨᠡᠯᠲᠡ ᠶᠢᠨ ᠭᠤᠣᠯ ᠴᠣᠭᠴᠠ᠂ ᠲᠦᠷᠦᠯ ᠲᠡᠮᠳᠡᠭ ᠤᠨ ᠪᠤᠰᠤ 726 ᠦᠢᠯᠡᠳᠬᠡᠯ ᠤᠨ ᠭᠠᠵᠠᠷ᠂ 1 ᠪᠢᠰᠢᠯᠠᠭ ᠤᠨ ᠵᠢᠵᠢᠭ ᠪᠠᠯᠭᠠᠰᠤ᠂ 2 ᠬᠠᠮᠢᠶ᠎ᠠ ᠪᠦᠬᠦᠢ ᠠᠵᠤ ᠦᠢᠯᠡᠰ  ᠤᠨ ᠬᠦᠷᠢᠶᠡᠯᠡᠩ ᠲᠣᠭᠤᠷᠢᠭ ᠁ 7 ᠰᠠᠷ᠎ᠠ ᠶᠢᠨ ᠳᠤᠮᠳᠠᠴᠢ ᠪᠠᠷ ᠶᠠᠪᠤᠭᠳᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠰᠢᠷᠢᠰ ᠠᠵᠢᠯᠯᠠᠭ᠎ᠠ ᠶᠢᠨ ᠨᠢᠭᠡ ᠪᠣᠯᠤᠭᠰᠠᠨ ᠰᠢᠯᠢᠩᠬᠤᠲᠠ ᠶᠢᠨ ᠪᠢᠰᠢᠯᠠᠭ ᠤᠨ ᠰᠣᠶᠣᠯ ᠤᠨ ᠨᠠᠶᠢᠷ ᠳᠡᠭᠡᠷ᠎ᠡ ᠰᠢᠯᠢ ᠶᠢᠨ ᠭᠤᠣᠯ ᠠᠶᠢᠮᠠᠭ ᠤᠨ ᠣᠷᠣᠨ ᠨᠤᠲᠤᠭ ᠤᠨ ᠥᠪᠡᠷᠮᠢᠴᠡ ᠣᠨᠴᠠᠯᠢᠭ ᠪᠦᠬᠦᠢ ᠴᠠᠭᠠᠨ ᠢᠳᠡᠭᠡᠨ ᠤ ᠠᠵᠤ ᠦᠢᠯᠡᠰ  ᠤᠨ ᠣᠨᠴᠠᠯᠢᠭᠲᠤ ᠭᠠᠵᠠᠷ ᠤᠨ ᠵᠢᠷᠤᠭ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷᠠᠬᠢ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠲᠠᠯ᠎ᠠ ᠪᠠᠷ ᠬᠠᠷᠠᠭᠤᠯᠤᠭᠰᠠᠨ ᠶᠤᠮ᠃      ᠰᠦ ᠶᠢᠨ ᠦᠨᠦᠷ ᠬᠠᠩᠬᠤᠯᠤᠭᠰᠠᠨ ᠥᠪᠥᠷ ᠮᠣᠩᠭᠤᠯ᠂ ᠡᠨᠡ ᠪᠣᠯ ᠠᠩᠬ᠎ᠠ ᠥᠪᠥᠷ ᠮᠣᠩᠭᠤᠯ ᠳᠤ ᠢᠷᠡᠭᠰᠡᠨ ᠵᠢᠭᠤᠯᠴᠢᠯᠠᠬᠰᠠᠳ ᠤᠨ ᠠᠩᠬᠠᠨ ᠤ ᠲᠥᠷᠥᠭᠳᠡᠯ ᠪᠢᠯᠡ᠃ ᠡᠭᠦᠨ ᠢ ᠦᠨᠡᠨ ᠪᠣᠳᠠᠲᠠᠢ ᠲᠤᠭ᠎ᠠ ᠪᠠᠷᠢᠮᠲᠠ ᠭᠦᠢᠴᠡᠳ ᠭᠡᠷᠡᠴᠢᠯᠡᠵᠦ ᠪᠤᠢ᠄ ᠨᠢᠳᠤᠨᠤᠨ ᠮᠠᠨ ᠤ ᠣᠷᠣᠨ ᠤ ᠰᠠᠭᠠᠯᠢ ᠶᠢᠨ ᠦᠨᠢᠶ᠎ᠡ 168.7 ᠲᠦᠮᠡ ᠳᠤ ᠬᠦᠷᠴᠦ᠂ ᠦᠨᠢᠶᠡᠨ ᠰᠦ ᠶᠢᠨ ᠭᠠᠷᠤᠯᠲᠠ 792.6 ᠲᠦᠮᠡᠨ ᠲᠤᠨ᠂ ᠴᠠᠭᠠᠨ ᠢᠳᠡᠭᠡᠨ ᠤ ᠭᠠᠷᠤᠯᠲᠠ 473 ᠲᠦᠮᠡᠨ ᠲᠤᠨ ᠢ ᠳᠠᠪᠠᠵᠤ᠂ ᠦᠷᠭᠦᠯᠵᠢᠯᠡᠨ ᠪᠦᠭᠦ ᠤᠯᠤᠰ ᠲᠤ ᠲᠦᠷᠦᠭᠦᠯᠡᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠨᠢᠭᠡ ᠮᠥᠷᠥ ᠶᠢᠨ ᠬᠦᠴᠦᠨ  ᠢᠶᠠᠨ ᠡᠷᠭᠦᠪᠡ᠃      ᠰᠦ ᠶᠢᠨ ᠦᠢᠯᠡᠰ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠮᠠᠨ ᠤ ᠣᠷᠣᠨ ᠳᠤ ᠠᠵᠤ ᠦᠢᠯᠡᠰ  ᠤᠨ ᠬᠡᠯᠬᠢᠶ᠎ᠡ ᠶᠢ ᠤᠷᠲᠤᠳᠬᠠᠬᠤ᠂ ᠴᠠᠭᠠᠨ ᠢᠳᠡᠭᠡᠨ ᠤ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠣᠨᠴᠠ ᠶᠢᠨ ᠳᠠᠪᠠᠭᠤᠯᠢᠭ ᠲᠠᠢ ᠶᠤᠮ᠃ ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠲᠥᠷᠥᠯ  ᠤᠨ ᠡᠯᠧᠮᠧᠨ᠋ᠲ ᠢ ᠠᠵᠤ ᠦᠢᠯᠡᠰ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠭᠡᠷ ᠪᠦᠯᠢ  ᠶᠢᠨ ᠦᠢᠯᠡᠳᠬᠡᠯ ᠤᠨ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠡᠮᠵᠢᠶ᠎ᠡ ᠳᠣᠣᠷ᠎ᠠ ᠪᠠᠶᠢᠬᠤ᠂ ᠲᠥᠷᠥᠯ ᠲᠡᠮᠳᠡᠭ ᠤᠨ ᠨᠡᠮᠡᠯᠲᠡ ᠥᠷᠲᠡᠭ ᠳᠣᠣᠷ᠎ᠠ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠵᠤ ᠣᠷᠣᠨ ᠨᠤᠲᠤᠭ ᠤᠨ ᠣᠨᠴᠠᠯᠢᠭ ᠪᠦᠬᠦᠢ ᠴᠠᠭᠠᠨ ᠢᠳᠡᠭᠡᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠬᠤ ᠵᠠᠮ ᠢ ᠬᠠᠶᠢᠨ ᠰᠦᠪᠡᠭᠴᠢᠯᠡᠬᠦ  ᠶᠢᠨ ᠬᠠᠮᠲᠤ ᠢᠳᠡᠪᠬᠢᠲᠡᠢ ᠵᠠᠮᠨᠠᠭᠰᠠᠨ ᠪᠠᠶᠢᠨ᠎ᠠ᠃      ᠰᠢᠯᠢᠩᠬᠤᠲᠠ ᠶᠢᠨ ᠱᠧᠦ ᠹᠠᠩ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠢᠶᠠᠷ ᠵᠢᠱᠢᠶᠡᠯᠡᠪᠡᠯ᠂ 2021 ᠣᠨ ᠳᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠲᠤᠰ ᠬᠦᠷᠢᠶᠡᠯᠡᠩ ᠲᠣᠭᠤᠷᠢᠭ ᠨᠢ ᠨᠡᠶᠢᠳᠡ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠬᠤᠭᠤᠴᠠᠭ᠎ᠠ ᠬᠤᠪᠢᠶᠠᠨ ᠢᠳᠡᠭᠡᠨ ᠪᠤᠯᠪᠠᠰᠤᠷᠠᠭᠤᠯᠬᠤ ᠦᠢᠯᠡᠳᠪᠦᠷᠢ ᠶᠢᠨ ᠲᠠᠰᠤᠭ᠂ ᠢᠵᠢ ᠪᠦᠷᠢᠳᠦᠭᠰᠡᠨ ᠬᠥᠮᠥᠷᠭᠡ᠂ ᠬᠦᠢᠲᠡᠨ ᠢᠶᠠᠷ ᠬᠠᠳᠠᠭᠠᠯᠠᠵᠤ ᠵᠥᠭᠡᠭᠡᠪᠦᠷᠢᠯᠡᠬᠦ ᠡᠳ᠋ ᠪᠠᠷᠠᠭᠠᠨ ᠤ ᠭᠦᠢᠯᠭᠡᠭᠡ ᠶᠢᠨ ᠲᠥᠬᠦᠭᠡᠷᠦᠮᠵᠢ ᠪᠠ ᠵᠢᠭᠤᠯᠴᠢᠯᠠᠬᠰᠠᠳ ᠤᠨ ᠦᠢᠯᠡᠴᠢᠯᠡᠭᠡᠨ ᠤ ᠲᠥᠪ᠂ ᠴᠠᠭᠠᠨ ᠢᠳᠡᠭᠡᠨ ᠪᠣᠷᠣᠯᠠᠭᠤᠯᠬᠤ ᠬᠤᠰᠢᠭᠤᠴᠢ ᠳᠡᠯᠭᠡᠭᠦᠷ ᠵᠡᠷᠭᠡ  ᠶᠢ ᠪᠠᠶᠢᠭᠤᠯᠵᠤ᠂ ᠠᠵᠤ ᠠᠬᠤᠶᠢᠯᠠᠯ ︵ᠦᠢᠯᠡᠳᠬᠡᠯ ᠤᠨ ᠭᠠᠵᠠᠷ︶ ᠢ ᠣᠷᠣᠭᠤᠯᠤᠨ ᠠᠪᠴᠢᠷᠠᠵᠤ ᠲᠥᠪᠯᠡᠷᠡᠭᠦᠯᠦᠨ ᠦᠢᠯᠡᠳᠪᠦᠷᠢᠯᠡᠵᠦ᠂ ᠦᠢᠯᠡᠳᠪᠦᠷᠢᠯᠡᠯ ᠤᠨ ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠨ᠂ ᠦᠢᠯᠡᠳᠬᠦᠨ ᠤ ᠲᠦᠷᠦᠯ ᠲᠡᠮᠳᠡᠭ ᠢ ᠡᠭᠦᠳᠴᠦ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠵᠠᠮ ᠢ ᠥᠷᠭᠡᠳᠬᠡᠨ᠂ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠤᠳᠤ ᠲᠤᠰ ᠬᠦᠷᠢᠶᠡᠯᠡᠩ ᠲᠣᠭᠤᠷᠢᠭ ᠲᠤ ᠨᠢᠭᠡᠨᠲᠡ 18 ᠬᠤᠳᠠᠯᠳᠤᠭᠠᠨ ᠤ ᠡᠷᠦᠭᠡ ᠰᠠᠭᠤᠷᠢᠰᠢᠵᠤ᠂ 13 ᠲᠣᠮᠣ ᠲᠥᠷᠥᠯ ᠤᠨ 21 ᠣᠷᠣᠨ ᠨᠤᠲᠤᠭ ᠤᠨ ᠥᠪᠡᠷᠮᠢᠴᠡ ᠣᠨᠴᠠᠯᠢᠭ ᠪᠦᠬᠦᠢ ᠴᠠᠭᠠᠨ ᠢᠳᠡᠭᠡᠨ ᠤ ᠲᠥᠷᠥᠯ ᠵᠦᠢᠯ ᠢ ᠪᠠᠭᠲᠠᠭᠠᠵᠤ᠂ 200 ᠭᠠᠷᠤᠢ ᠬᠥᠮᠥᠨ ᠳᠤ ᠠᠵᠢᠯ ᠣᠯᠭᠤᠨ᠂ ᠵᠢᠯ ᠤᠨ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠵᠤ ᠪᠠᠶᠢᠨ᠎ᠠ᠃      ︽ᠮᠠᠨ ᠤ ᠬᠢᠨ 2022 ᠣᠨ ᠳᠤ ᠺᠤᠮᠫᠠᠨᠢ ᠪᠠᠶᠢᠭᠤᠯᠵᠤ᠂ ᠬᠦᠷᠢᠶᠡᠯᠡᠩ ᠲᠣᠭᠤᠷᠢᠭ ᠠᠴᠠ 700 ᠲᠡᠭᠰᠢ ᠳᠥᠷᠪᠡᠯᠵᠢᠨ ᠮᠧᠲᠷ ᠤᠨ ᠲᠠᠯᠠᠪᠠᠢ ᠪᠦᠬᠦᠢ ᠦᠢᠯᠡᠳᠪᠦᠷᠢᠯᠡᠯ ᠤᠨ ᠲᠠᠰᠤᠭ ᠲᠦᠷᠢᠶᠡᠰᠦᠯᠡᠵᠦ᠂ ᠦᠢᠯᠡᠳᠪᠦᠷᠢᠯᠡᠯ ᠤᠨ ᠲᠤᠰᠬᠠᠢ ᠲᠥᠬᠦᠭᠡᠷᠦᠮᠵᠢ ᠶᠢ ᠣᠷᠣᠭᠤᠯᠪᠠ︾ ᠭᠡᠵᠦ ᠰᠥᠩ ᠲᠠᠯᠠᠢ ᠢᠳᠡᠭᠡᠨ ᠤ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠨᠠᠮᠤᠷ ᠬᠡᠯᠡᠨ᠎ᠡ᠃ ᠲᠤᠰ ᠺᠤᠮᠫᠠᠨᠢ ᠪᠣᠯ ᠱᠧᠦ ᠹᠠᠩ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠨᠡᠯᠢᠶᠡᠳ ᠡᠷᠲᠡ ᠣᠷᠣᠵᠤ ᠰᠠᠭᠤᠷᠢᠰᠢᠭᠰᠠᠨ ᠬᠤᠳᠠᠯᠳᠤᠭᠠᠴᠢᠨ ᠤ ᠨᠢᠭᠡ ᠪᠣᠯᠣᠨ᠎ᠠ᠂ ᠺᠤᠮᠫᠠᠨᠢ ᠶᠢᠨ ᠬᠠᠷᠢᠭᠤᠴᠠᠯᠭᠠᠲᠠᠨ ᠨᠠᠮᠤᠷ ᠬᠠᠷᠠᠬᠠᠨ ᠪᠠᠭ᠎ᠠ ᠠᠴᠠ ᠪᠠᠨ ᠠᠪᠤ ᠡᠵᠢ ᠪᠠᠨ ᠳᠠᠭᠠᠵᠤ ᠮᠠᠯᠵᠢᠬᠤ ᠠᠮᠢᠳᠤᠷᠠᠯ ᠬᠢᠵᠦ ᠪᠠᠶᠢᠭᠰᠠᠨ ᠦᠶᠡᠰ ᠠᠴᠠ ᠡᠬᠢᠯᠡᠨ ᠣᠷᠣᠨ ᠨᠤᠲᠤᠭ ᠤᠨ ᠥᠪᠡᠷᠮᠢᠴᠡ ᠣᠨᠴᠠᠯᠢᠭ ᠪᠦᠬᠦᠢ ᠴᠠᠭᠠᠨ ᠢᠳᠡᠭᠡᠨ ᠬᠢᠵᠦ ᠪᠣᠷᠣᠯᠠᠭᠤᠯᠤᠨ᠂ ᠬᠦᠷᠢᠶᠡᠯᠡᠩ ᠲᠣᠭᠤᠷᠢᠭ ᠲᠤ ᠨᠡᠭᠦᠵᠦ ᠣᠷᠣᠭᠰᠠᠨ ᠤ ᠳᠠᠷᠠᠭ᠎ᠠ ᠺᠤᠮᠫᠠᠨᠢ ᠨᠢ ᠲᠠᠸᠠᠷ ᠤᠨ ᠵᠢᠷᠤᠭᠠᠰᠤᠨ ᠲᠡᠮᠳᠡᠭ ᠢ ᠭᠤᠶᠤᠴᠢᠯᠠᠵᠤ᠂ ᠪᠠᠰᠠ ᠦᠢᠯᠡᠳᠬᠦᠨ ᠤ ᠪᠣᠭᠤᠳᠠᠯ ᠪᠠᠭᠯᠠᠭ᠎ᠠ ᠪᠠᠨ ᠰᠢᠨᠡᠳᠬᠡᠵᠦ᠂ ᠲᠥᠷᠥᠯ ᠵᠦᠢᠯ ᠢ ᠣᠯᠠᠨ ᠡᠰᠢᠵᠢᠭᠦᠯᠬᠦ ᠪᠠ ᠦᠨᠦᠷ ᠠᠮᠲᠠ ᠶᠢ ᠣᠯᠠᠨ ᠲᠦᠮᠡᠨᠴᠢᠯᠡᠬᠦ ᠲᠠᠯ᠎ᠠ ᠪᠠᠷ ᠬᠦᠴᠦ ᠣᠷᠣᠭᠤᠯᠵᠤ᠂ ᠦᠢᠯᠡᠳᠪᠦᠷᠢᠯᠡᠯ ᠤᠨ ᠠᠵᠢᠯ ᠢᠶᠠᠨ ᠳᠦᠷᠢᠮᠵᠢᠭᠦᠯᠦᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠩ ᠵᠣᠬᠢᠴᠠᠭᠤᠯᠤᠭᠰᠠᠨ ᠠᠵᠢ᠃      ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠭ᠎ᠠ ᠭᠤᠣᠯ ᠴᠣᠭᠴᠠ ᠶᠢ ᠪᠥᠭᠡᠮᠨᠡᠷᠡᠭᠦᠯᠦᠨ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠥᠨᠳᠥᠷ ᠪᠦᠲᠦᠮᠵᠢᠲᠡᠢ ᠪᠠᠷ ᠠᠭᠤᠰᠤᠯᠴᠠᠭᠰᠠᠨ ᠵᠢᠱᠢᠶ᠎ᠡ ᠮᠠᠨ ᠤ ᠣᠷᠣᠨ ᠳᠤ ᠠᠭᠠᠵᠢᠮ ᠢᠶᠠᠷ ᠣᠯᠠᠰᠢᠷᠠᠪᠠ᠃ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠠᠷᠢᠭᠤᠨ ᠰᠠᠭᠠᠯᠢ ᠴᠠᠭᠠᠨ ᠢᠳᠡᠭᠡᠨ ᠤ ᠬᠢᠵᠠᠭᠠᠷᠲᠤ ᠺᠤᠮᠫᠠᠨᠢ ᠪᠠᠯᠭᠠᠷᠭᠤᠣᠯ ᠪᠠᠯᠭᠠᠰᠤ ᠶᠢᠨ ᠡᠳ᠋ ᠪᠠᠷᠠᠭᠠᠨ ᠤ ᠭᠦᠢᠯᠭᠡᠭᠡ ᠶᠢᠨ ᠲᠣᠭᠤᠷᠢᠭ ᠲᠤ ᠣᠷᠣᠵᠤ᠂ 70 ᠭᠠᠷᠤᠢ ᠰᠠᠭᠠᠯᠢ ᠶᠢᠨ ᠦᠨᠢᠶ᠎ᠡ ᠲᠡᠵᠢᠭᠡᠭᠰᠡᠨ ᠰᠠᠭᠤᠷᠢᠨ ᠳᠡᠭᠡᠷ᠎ᠡ ᠠᠵᠤ ᠦᠢᠯᠡᠰ ᠤᠨ ᠬᠤᠯᠪᠤᠭ᠎ᠠ ᠶᠢᠨ ᠦᠢᠯᠡᠳᠦᠯ ᠢ ᠪᠠᠳᠠᠷᠠᠭᠤᠯᠤᠨ ᠣᠶᠢᠷ᠎ᠠ ᠬᠠᠪᠢ ᠶᠢᠨ ᠲᠡᠵᠢᠭᠡᠪᠦᠷᠢ ᠶᠢᠨ ᠡᠷᠦᠭᠡ ᠶᠢ ᠳᠠᠶᠢᠴᠢᠯᠠᠨ ᠲᠤᠰᠬᠠᠢ ᠬᠤᠷᠰᠢᠶ᠎ᠠ ᠪᠠᠶᠢᠭᠤᠯᠵᠤ᠂ ᠣᠳᠣ ᠡᠳᠦᠷ ᠲᠤ 3000 ᠵᠢᠩ ᠰᠦ ᠰᠠᠭᠠᠵᠤ᠂ ᠵᠢᠯ  ᠳᠤ 500 ᠲᠤᠨ ᠴᠠᠭᠠᠨ ᠢᠳᠡᠭᠡᠨ ᠪᠤᠯᠪᠠᠰᠤᠷᠠᠭᠤᠯᠵᠤ᠂ ᠰᠠᠭᠠᠯᠢ ᠶᠢᠨ ᠦᠨᠢᠶ᠎ᠡ ᠲᠡᠵᠢᠭᠡᠬᠦ ᠪᠠ ᠴᠠᠭᠠᠨ ᠢᠳᠡᠭᠡᠨ ᠪᠤᠯᠪᠠᠰᠤᠷᠠᠭᠤᠯᠬᠤ ᠣᠷᠣᠯᠭ᠎ᠠ ᠨᠢ ᠵᠢᠯ ᠳᠠᠷᠠᠭᠠᠯᠠᠨ ᠨᠡᠮᠡᠭᠳᠡᠵᠦ ᠪᠤᠢ ; ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠢᠨ ᠰᠢᠶᠠᠩ ᠴᠠᠭᠠᠨ ᠢᠳᠡᠭᠡᠨ ᠤ ᠦᠢᠯᠡᠰ ᠤᠨ ᠬᠢᠵᠠᠭᠠᠷᠲᠤ ᠺᠤᠮᠫᠠᠨᠢ ᠲᠤᠬᠠᠢ  ᠶᠢᠨ ᠭᠠᠵᠠᠷ ᠤᠨ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠭᠰᠠᠨ ᠤ ᠳᠠᠷᠠᠭ᠎ᠠ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠡᠷᠭᠢᠯᠡᠨ᠂ ᠵᠢᠯ ᠳᠤ 500 ᠲᠦᠮᠡᠨ ᠵᠢᠩ ᠴᠠᠭᠠᠨ ᠢᠳᠡᠭᠡᠨ ᠪᠣᠷᠣᠯᠠᠭᠤᠯᠵᠤ᠂ ᠣᠶᠢᠷ᠎ᠠ ᠳᠤ ᠪᠠᠰᠠ ᠲᠢᠶᠠᠨ ᠵᠢᠶᠣᠣ ᠠᠭᠠᠷ ᠤᠨ ᠠᠶᠠᠯᠠᠯ ᠤᠨ ᠬᠢᠨ ᠲᠠᠢ ᠵᠠᠬᠢᠶᠠᠯᠠᠭ᠎ᠠ ᠶᠢᠨ ᠬᠠᠮᠲᠤᠷᠠᠯᠴᠠᠭ᠎ᠠ ᠲᠣᠭᠲᠠᠵᠤ᠂ ᠦᠢᠯᠡᠳᠬᠦᠨ ᠨᠢ ᠪᠡᠭᠡᠵᠢᠩ᠂ ᠱᠠᠩᠬᠠᠢ᠂ ᠭᠤᠸᠠᠩᠵᠧᠦ᠂ ᠶᠦᠨᠨᠠᠨ ᠵᠡᠷᠭᠡ ᠭᠠᠵᠠᠷ ᠲᠤ ᠥᠷᠭᠡᠨ ᠢᠶᠠᠷ ᠪᠣᠷᠣᠯᠠᠭᠤᠯᠤᠭᠳᠠᠵᠤ ᠪᠠᠶᠢᠨ᠎ᠠ᠃      ︽ᠣᠷᠣᠨ ᠨᠤᠲᠤᠭ ᠤᠨ ᠥᠪᠡᠷᠮᠢᠴᠡ ᠣᠨᠴᠠᠯᠢᠭ ᠪᠦᠬᠦᠢ ᠴᠠᠭᠠᠨ ᠢᠳᠡᠭᠡᠨ ᠤ ᠠᠵᠤ ᠦᠢᠯᠡᠰ ᠨᠢᠭᠡᠨᠲᠡ ᠮᠠᠨ  ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠴᠠᠭᠠᠨ ᠢᠳᠡᠭᠡᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠭᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠴᠢᠬᠤᠯᠠ ᠠᠷᠭ᠎ᠠ ᠵᠠᠮ ᠪᠣᠯᠵᠤ ᠪᠤᠢ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠨ᠎ᠡ᠃ ᠲᠡᠭᠦᠨ ᠤ ᠲᠠᠨᠢᠯᠴᠠᠭᠤᠯᠤᠭᠰᠠᠨ  ᠢᠶᠠᠷ᠂ ᠣᠶᠢᠷ᠎ᠠ ᠶᠢᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠠᠴᠠ ᠰᠢᠷᠢᠰ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠡᠶᠢᠲᠡᠯᠡᠨ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠲᠥᠷᠥᠯ ᠵᠦᠢᠯ ᠤᠨ ᠪᠡᠯᠡ ᠮᠥᠩᠭᠦ᠂ ᠲᠧᠭᠨᠢᠭ ᠮᠡᠷᠭᠡᠵᠢᠯ ᠪᠠ ᠳᠤᠨᠤᠭ ᠲᠥᠬᠦᠭᠡᠷᠦᠮᠵᠢ ᠵᠡᠷᠭᠡ ᠲᠠᠯ᠎ᠠ ᠪᠠᠷ ᠣᠷᠣᠨ ᠨᠤᠲᠤᠭ ᠤᠨ ᠥᠪᠡᠷᠮᠢᠴᠡ ᠣᠨᠴᠠᠯᠢᠭ ᠪᠦᠬᠦᠢ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠪᠠ᠃ ᠣᠶᠢᠯᠠᠭᠠᠭᠰᠠᠨ ᠢᠶᠠᠷ᠂ ᠪᠦᠭᠦ ᠣᠷᠣᠨ ᠤ ᠡᠯ᠎ᠡ ᠭᠠᠵᠠᠷ ᠤᠨ ᠬᠢᠨ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠪᠤᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠬᠠᠮᠢᠶ᠎ᠠ ᠪᠦᠬᠦᠢ ᠦᠢᠯᠡᠳᠬᠦᠨ ᠤ ᠰᠢᠨ᠎ᠡ ᠶᠢ ᠡᠭᠦᠳᠬᠦ ᠪᠠ ᠲᠦᠷᠦᠯ ᠲᠡᠮᠳᠡᠭ ᠢ ᠴᠣᠭᠴᠠᠯᠠᠬᠤ ᠡᠷᠴᠢᠮ ᠢ ᠴᠢᠩᠭᠠᠷᠠᠭᠤᠯᠵᠤ᠂ ᠰᠦ ᠶᠢᠨ ᠦᠨᠦᠷ ᠬᠠᠩᠬᠤᠯᠤᠭᠰᠠᠨ ᠥᠪᠥᠷ ᠮᠣᠩᠭᠤᠯ ᠤᠨ ᠨᠡᠷ᠎ᠡ ᠠᠯᠳᠠᠷ ᠢ ᠤᠯᠠᠮ ᠳᠠᠭᠤᠷᠢᠰᠤᠭᠤᠯᠬᠤ ᠪᠠᠷ ᠦᠷᠭᠦᠯᠵᠢᠯᠡᠨ ᠴᠢᠷᠮᠠᠶᠢᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号