ᠭᠦᠭᠡᠬᠤᠳᠠ ᠤᠷᠠᠨ ᠭᠤᠴᠣ ᠲᠤᠬᠯᠠᠯᠳᠠ ᠪᠠᠷ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/9/14
     ᠣᠶᠢᠷ᠎ᠠ ᠶᠢᠨ ᠵᠢᠯ ᠠᠴᠠ ᠨᠠᠭᠠᠰᠢ ᠭᠦᠭᠡᠬᠤᠳᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ  ᠶᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠤᠷᠠᠯᠢᠭ ᠤᠷᠠᠨ ᠭᠤᠴᠣ ᠲᠤᠬᠯᠠᠯᠳᠠ ᠪᠠᠷ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠭᠠᠷᠭᠠᠨ ᠥᠷᠭᠡᠨ ᠣᠯᠠᠨ ᠬᠤᠲᠠ ᠶᠢᠨ ᠠᠷᠠᠳ ᠪᠣᠯᠣᠨ ᠵᠢᠭᠤᠯᠴᠢᠯᠠᠬᠰᠠᠳ  ᠲᠤ ᠲᠠᠯ᠎ᠠ ᠨᠤᠲᠤᠭ ᠤᠨ ᠲᠣᠮᠣ ᠬᠤᠲᠠ ᠶᠢᠨ ᠰᠠᠶᠢᠨ ᠰᠠᠶᠢᠬᠠᠨ ᠢ ᠮᠡᠳᠡᠷᠡᠭᠦᠯᠵᠦ ᠪᠠᠶᠢᠨ᠎ᠠ᠃      ᠡᠨᠡ ᠵᠢᠯ ᠤᠨ ︽5·1︾ ᠤ ᠠᠮᠠᠷᠠᠯᠲᠠ ᠳᠤ ᠭᠦᠭᠡᠬᠤᠲᠠ ᠶᠢᠨ ᠤᠯᠠᠭᠠᠨᠮᠥ᠋ᠴᠢᠷ ᠤᠨ ᠬᠢᠨ ︽ᠪᠠᠶᠠᠰᠤᠯᠳᠤ ᠴᠡᠯᠡᠭᠡᠷ ᠲᠠᠯ᠎ᠠ︾ ᠠᠮᠢ ᠠᠬᠤᠢ ᠶᠢᠨ ᠰᠡᠳᠦᠪᠲᠦ ᠵᠦᠴᠦᠭᠡ ᠲᠣᠭᠯᠠᠨ᠂ ᠴᠡᠯᠡᠭᠡᠷ ᠲᠠᠯ᠎ᠠ ᠶᠢᠨ ᠭᠤᠶᠢᠳᠠ ᠰᠠᠶᠢᠬᠠᠨ ᠥᠩᠭᠡ ᠦᠵᠡᠮᠵᠢ ᠶᠢ ᠢᠯᠡᠷᠡᠭᠦᠯᠵᠦ᠂ ᠦᠵᠡᠭᠰᠡᠨ ᠬᠥᠮᠥᠨ ᠤ ᠲᠤᠭ᠎ᠠ 12 ᠲᠦᠮᠡ ᠶᠢ ᠳᠠᠪᠠᠵᠠᠢ᠃ ᠲᠤᠰ ᠲᠣᠬᠯᠠᠯᠲᠠ ᠪᠣᠯ ᠤᠮᠠᠷᠠᠲᠤ ᠬᠢᠯᠢ ᠶᠢᠨ ᠵᠠᠩ ᠦᠢᠯᠡ ᠶᠢ ᠬᠠᠷᠠᠭᠤᠯᠤᠭᠰᠠᠨ ᠰᠣᠶᠣᠯ ᠢ ᠪᠡᠶᠡᠴᠢᠯᠡᠨ ᠣᠶᠢᠯᠠᠭᠠᠬᠤ ᠲᠤᠬᠯᠠᠯᠳᠠ ᠦᠵᠡᠭᠦᠯᠭᠡ ᠪᠠᠶᠢᠵᠤ᠂ ᠠᠮᠢᠳᠤᠷᠠᠯ ᠤᠨ ᠠᠬᠤᠢ ᠪᠠᠶᠢᠳᠠᠯ ᠢ ᠵᠣᠬᠢᠶᠠᠮᠵᠢᠯᠠᠨ ᠳᠦᠷᠢ ᠶᠢ ᠤᠷᠠᠨ ᠢᠶᠠᠷ ᠡᠰᠬᠡᠵᠦ᠂ ᠭᠤᠶᠢᠳᠠ ᠰᠠᠶᠢᠬᠠᠨ ᠳᠠᠭᠤᠤ ᠪᠥᠵᠢᠭ ᠤᠨ ᠲᠣᠬᠯᠠᠯᠲᠠ ᠪᠠᠷ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠤᠳᠬ᠎ᠠ ᠠᠭᠤᠯᠬᠤᠨ ᠪᠠ ᠪᠠᠶᠢᠭᠠᠯᠢ ᠶᠢᠨ ᠦᠵᠡᠮᠵᠢ ᠶᠢ ᠠᠭᠤᠰᠤᠯᠴᠠᠭᠤᠯᠵᠤ᠂ ᠦᠵᠡᠭᠴᠢᠳ ᠲᠤ ᠴᠡᠯᠡᠭᠡᠷ ᠲᠠᠯ᠎ᠠ ᠶᠢᠨ ᠬᠥᠭᠵᠢᠯ ᠪᠠᠳᠠᠷᠠᠯ ᠢ ᠮᠡᠳᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠤᠭᠰᠠᠨ ᠶᠤᠮ᠃ ᠲᠤᠰ ᠲᠤᠬᠯᠠᠯᠳᠠ ᠪᠣᠯ 2023 ᠣᠨ ᠤ ᠤᠯᠤᠰ ᠤᠨ ᠪᠠᠶᠠᠷ ᠤᠨ ᠬᠤᠭᠤᠴᠠᠭᠠᠨ ᠳᠤ ᠵᠣᠬᠢᠶᠠᠨ ᠪᠦᠲᠦᠭᠡᠭᠰᠡᠨ ᠪᠣᠳᠠᠲᠤ ᠦᠵᠡᠭᠳᠡᠯᠲᠦ ᠠᠮᠢ ᠠᠬᠤᠢ ᠶᠢᠨ ᠰᠡᠳᠦᠪᠲᠦ ᠵᠦᠴᠦᠭᠡ ᠪᠠᠶᠢᠵᠤ᠂ ᠵᠦᠴᠦᠭᠡ ᠶᠢ ᠬᠥᠭᠡᠮᠡᠢ᠂ ᠮᠣᠷᠢᠨ ᠬᠤᠭᠤᠷ᠂ ᠤᠷᠳᠤ ᠶᠢᠨ ᠳᠠᠭᠤᠤ᠂ ᠦᠨᠳᠦᠰᠦᠲᠡᠨ ᠤ ᠳᠠᠭᠤᠤ ᠪᠥᠵᠢᠭ ᠵᠡᠷᠭᠡ ᠤᠯᠠᠨ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠲᠠᠢ ᠤᠶᠠᠯᠳᠤᠭᠤᠯᠤᠨ ᠲᠣᠭᠯᠠᠵᠠᠢ᠃      ᠡᠨᠡ ᠵᠢᠯ ᠠᠴᠠ ᠨᠠᠭᠠᠰᠢ ᠭᠦᠭᠡᠬᠤᠲᠠ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠡᠭᠡᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠬᠤ᠂ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠵᠤ᠂ ᠤᠷᠠᠯᠢᠭ ᠤᠨ ᠵᠣᠬᠢᠶᠠᠨ ᠪᠦᠲᠦᠭᠡᠯᠭᠡ ᠲᠣᠬᠯᠠᠯᠲᠠ ᠶᠢ ᠤᠯᠠᠮ ᠦᠵᠡᠮᠦᠷᠢᠲᠡᠢ ᠤᠳᠬ᠎ᠠ ᠠᠭᠤᠯᠭ᠎ᠠ ᠲᠠᠢ ᠪᠤᠯᠭᠠᠵᠤ ᠪᠠᠶᠢᠨ᠎ᠠ᠃ ᠤᠯᠠᠭᠠᠨᠮᠥ᠋ᠴᠢᠷ ᠤᠨ ᠬᠤᠯᠪᠤᠭ᠎ᠠ ᠪᠠᠶᠢᠭᠤᠯᠤᠨ ᠭᠦᠭᠡᠬᠤᠲᠠ ᠶᠢᠨ ᠤᠯᠠᠭᠠᠨᠮᠥ᠋ᠴᠢᠷ ᠠᠴᠠ ︽ᠰᠤᠷᠤᠯᠴᠠᠬᠤ·ᠵᠣᠬᠢᠶᠠᠨ ᠪᠦᠲᠦᠭᠡᠬᠦ·ᠲᠣᠭᠯᠠᠬᠤ︾ ᠲᠥᠪᠯᠡᠷᠡᠩᠭᠦᠢ ᠪᠣᠯᠪᠠᠰᠤᠷᠠᠯ ᠥᠷᠨᠢᠭᠦᠯᠵᠦ᠂ ᠵᠦᠴᠦᠭᠡ ︽ᠪᠣᠭᠤᠮᠲᠠ ᠶᠢᠨ ᠭᠠᠳᠠᠨᠠᠬᠢ ᠡᠭᠦᠯᠡᠨ ᠰᠡᠮᠡᠳᠡᠰᠦ᠂ ᠭᠢᠯᠪᠡᠭᠡᠨ ᠵᠦᠴᠦᠭᠡ ︽ᠴᠡᠴᠡᠭᠲᠦ ᠤᠯᠠᠷᠢᠯ︾ ᠵᠡᠷᠭᠡ ᠨᠢᠭᠡ ᠪᠦᠯᠦᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂︽ᠪᠤᠭᠤᠷᠤᠯ ᠲᠡᠦᠬᠡ ᠶᠢᠨ ᠭᠦᠯᠦᠭ ᠤᠨ ᠮᠠᠭᠲᠠᠭᠠᠯ︾᠂ ︽ᠸᠠᠩ ᠵᠣᠣ ᠵᠢᠶᠦ᠋ᠨ︾᠂ ︽ᠲᠠᠯ᠎ᠠ ᠳᠠᠬᠢ ᠠᠭᠤᠯᠵᠠᠯᠲᠠ︾ ᠵᠡᠷᠭᠡ ᠵᠦᠴᠦᠭᠡ ᠨᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠬᠯᠠᠯᠲᠠ ᠶᠢᠨ ᠰᠣᠳᠣᠨ ᠪᠦᠲᠦᠭᠡᠯ ᠢ ᠭᠤᠣᠯᠳᠠᠯᠭ᠎ᠠ ᠲᠠᠢ ᠪᠣᠶᠢᠵᠢᠭᠤᠯᠬᠤ ᠲᠥᠷᠥᠯ ᠵᠦᠢᠯ ᠢᠶᠠᠷ ᠦᠨᠡᠯᠡᠭᠳᠡᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠨ᠂ ︽ᠤᠷᠠᠯᠢᠭ ᠤᠨ ᠰᠠᠶᠢᠬᠠᠨ ᠤᠮᠠᠷᠠᠲᠤ ᠬᠢᠯᠢ·ᠳᠥᠷᠪᠡᠨ ᠤᠯᠠᠷᠢᠯ ᠤᠨ ᠭᠦᠭᠡᠬᠤᠲᠠ ᠶᠢᠨ ᠭᠡᠷᠡᠯ ᠵᠢᠷᠤᠭ  ᠤᠨ ᠪᠦᠲᠦᠭᠡᠯ ᠤᠨ ᠦᠵᠡᠭᠦᠯᠭᠡ︾᠂ ︽ᠤᠮᠠᠷᠠᠲᠤ ᠬᠢᠯᠢ ᠶᠢᠨ ᠤᠯᠠ ᠮᠥᠷ·ᠭᠡᠷᠡᠯ ᠭᠢᠯᠪᠠᠭᠠᠲᠤ ᠭᠦᠭᠡᠬᠤᠲᠠ ᠶᠢᠨ ᠭᠡᠷᠡᠯ ᠵᠢᠷᠤᠭ ᠤᠨ ᠦᠵᠡᠭᠦᠯᠭᠡ︾ ᠵᠡᠷᠭᠡ 30 ᠰᠢᠬᠠᠮ ᠳᠠᠯᠠᠪᠠᠢ ᠦᠵᠡᠰᠭᠦᠯᠡᠩ ᠦᠵᠡᠭᠦᠯᠭᠡ ᠶᠢ ᠡᠷᠭᠢᠯᠡᠨ᠂ ᠵᠢᠷᠭᠤᠳᠤᠭᠠᠷ ᠬᠤᠭᠤᠴᠠᠭᠠᠨ ᠤ ᠬᠢᠲᠠᠳ ᠥᠰᠥᠭ ᠤᠨ ᠵᠥᠪ ᠪᠢᠴᠢᠯᠭᠡ ᠶᠢᠨ ᠤᠷᠤᠯᠳᠤᠭᠠᠨ᠂ ᠰᠣᠩᠭᠤᠳᠠᠭ ᠪᠦᠲᠦᠭᠡᠯ ᠢ ᠳᠠᠭᠠᠭᠤᠯᠤᠨ ᠤᠩᠰᠢᠬᠤ ᠠᠵᠢᠯᠯᠠᠭ᠎ᠠ ᠵᠡᠷᠭᠡ 100 ᠭᠠᠷᠤᠢ ᠲᠠᠯᠠᠪᠠᠢ ᠠᠵᠢᠯᠯᠠᠭ᠎ᠠ ᠡᠷᠭᠢᠯᠡᠵᠦ᠂ ︽ᠤᠷᠠᠯᠢᠭ ᠤᠨ ᠰᠠᠶᠢᠬᠠᠨ ᠤᠮᠠᠷᠠᠲᠤ ᠬᠢᠯᠢ·ᠭᠦᠭᠡᠬᠤᠲᠠ ᠶᠢᠨ ᠶᠠᠷᠢᠶᠠᠨ ᠤ ᠲᠠᠪᠴᠠᠩ︾᠂ ︽ᠤᠯᠠᠨ ᠲᠦᠮᠡᠨ ᠤ ᠰᠣᠶᠣᠯ ᠤᠨ ᠶᠠᠷᠢᠯᠴᠠᠭ᠎ᠠ︾ ᠵᠡᠷᠭᠡ ᠲᠥᠷᠥᠯ ᠲᠡᠮᠳᠡᠭ ᠢ ᠡᠭᠦᠳᠴᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号