ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/14
    ︵ᠰᠤᠷᠪᠤᠯᠵᠢᠯᠠᠭᠴᠢ ᠯᠢᠦ ᠯᠢ ᠰᠢᠶᠠ︶  9 ᠳ᠋ᠦ᠋ᠭᠡᠷ ᠰᠠᠷ᠎ᠠ ᠶᠢᠨ 11 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃            ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠠ ᠶᠦᠨ ᠶᠦᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠦᠨᠳᠦᠰᠦᠨ ᠪᠠᠶᠢᠳᠠᠯ ᠤᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠲᠦᠷᠪᠡᠨ ᠲᠠᠯ᠎ᠠ ᠶᠢᠨ ᠠᠭᠤᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠭᠤᠯᠭ᠎ᠠ ᠨᠢ ᠨᠠᠷᠢᠨ ᠪᠣᠳᠠᠲᠠᠢ᠂ ᠯᠣᠭᠢᠭ ᠨᠢ ᠲᠣᠳᠣᠷᠬᠠᠢ᠂ ᠠᠭᠤᠯᠤᠭᠳᠠᠬᠤᠨ  ᠨᠢ ᠭᠦᠨᠵᠡᠭᠡᠢ ᠪᠣᠯᠵᠠᠢ᠃          ᠤᠬᠠᠭᠤᠯᠤᠨ ᠲᠠᠶᠢᠯᠪᠤᠷᠢᠯᠠᠬᠤ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠤᠨ ᠥᠮᠴᠢᠯᠡᠯ ᠤᠨ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠭᠤᠣᠯᠯᠠᠬᠤ ᠴᠢᠳᠠᠪᠬᠢ ᠶᠢ ᠴᠢᠩᠭᠠᠳᠬᠠᠬᠤ᠂ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号