ᠰᠠᠶᠢᠬᠠᠨ ᠲᠣᠭᠤᠷᠢᠭ ᠤᠨ ᠠᠩᠬᠠᠳᠠᠭᠴᠢ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠴᠡᠴᠡᠷᠯᠢᠭ ᠵᠢᠩᠬᠢᠨᠢ ᠪᠠᠷ ᠲᠣᠳᠣᠷᠠᠪᠠ
ᠨᠡᠶᠢᠲᠡᠯᠡᠭᠰᠡᠨ ᠴᠠᠭ᠄
2024/9/18
       ᠣᠶᠢᠷ᠎ᠠ ᠳᠤ᠂ ᠰᠠᠶᠢᠬᠠᠨ ᠲᠣᠭᠤᠷᠢᠭ ᠤᠨ ᠠᠩᠬᠠᠳᠠᠭᠴᠢ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠴᠡᠴᠡᠷᠯᠢᠭ ᠴᠢᠦ ᠯᠢᠩ ᠴᠡᠴᠡᠷᠯᠢᠭ ᠲᠤ ᠵᠢᠩᠬᠢᠨᠢ ᠪᠠᠷ ᠲᠣᠳᠣᠷᠠᠪᠠ᠃
        ᠰᠠᠶᠢᠬᠠᠨ ᠲᠣᠭᠤᠷᠢᠭ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠴᠡᠴᠡᠷᠯᠢᠭ ᠪᠣᠯ ᠬᠢᠩᠭᠠᠨ ᠡᠮᠦᠨ᠎ᠡ ᠵᠠᠮ ᠪᠣᠯᠣᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠴᠢᠦ ᠯᠢᠩ ᠴᠡᠴᠡᠷᠯᠢᠭ ᠤᠨ ᠤᠤᠯ ᠤᠨ ᠪᠠᠶᠢᠭᠰᠠᠨ ᠦᠵᠡᠭᠳᠡᠯ᠂ ᠲᠥᠬᠦᠭᠡᠷᠦᠮᠵᠢ ᠪᠠᠷ ᠲᠦᠰᠢᠭ ᠪᠣᠯᠭᠠᠵᠤ᠂ ᠤᠯᠤᠰ ᠤᠨ ᠠᠮᠤᠷ ᠲᠦᠪᠰᠢᠨ ᠤ ᠲᠠᠯ᠎ᠠ ᠪᠠᠷ ᠬᠢ ᠦᠨᠳᠦᠰᠦᠨ ᠮᠡᠳᠡᠯᠭᠡ ᠶᠢ ᠠᠭᠤᠰᠤᠯᠴᠠᠭᠤᠯᠵᠤ᠂ ᠭᠤᠣᠯ ᠰᠡᠳᠦᠪᠲᠦ ᠴᠡᠴᠡᠷᠯᠢᠭ ᠢ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠣᠨ ᠭᠡᠷ ᠤᠨ ᠭᠠᠳᠠᠨᠠᠬᠢ ᠬᠢᠴᠢᠶᠡᠯ ᠤᠨ ᠲᠠᠩᠬᠢᠮ ᠪᠣᠯᠭᠠᠬᠤ ᠪᠠᠷ ᠴᠢᠷᠮᠠᠶᠢᠪᠠ᠃
     ᠴᠡᠴᠡᠷᠯᠢᠭ ᠤᠨ ᠬᠤᠶᠢᠲᠤ ᠠᠭᠤᠳᠠᠮ ᠲᠠᠯᠠᠪᠠᠢ ᠪᠣᠯᠣᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠬᠤᠶᠠᠷ ᠬᠠᠵᠠᠭᠤ ᠳᠤ ᠡᠯ᠎ᠡ ᠵᠦᠢᠯ ᠤᠨ ᠤᠬᠠᠭᠤᠯᠭ᠎ᠠ ᠶᠢᠨ ᠫᠠᠶᠢᠰᠠ ᠭᠠᠷᠭᠠᠵᠤ᠂ ᠡᠯ᠎ᠡ ᠵᠦᠢᠯ ᠤᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠪᠡ᠃ ᠥᠷᠭᠡᠨ ᠣᠯᠠᠨ ᠬᠤᠲᠠ ᠶᠢᠨ ᠠᠷᠠᠳ ᠵᠤᠭᠠᠴᠠᠭᠰᠠᠳ ᠂ ᠰᠤᠷᠤᠯᠴᠠᠨ ᠣᠶᠢᠯᠠᠭᠠᠬᠤ ᠪᠠᠷ ᠳᠠᠮᠵᠢᠨ᠂ ᠤᠯᠤᠰ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠣᠶᠢᠯᠠᠭᠠᠨ ᠡᠵᠡᠮᠰᠢᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢᠶᠠᠨ  ᠴᠢᠩᠭᠠᠳᠬᠠᠵᠤ᠂ ᠤᠯᠤᠰ ᠤᠨ ᠠᠮᠤᠷ ᠲᠦᠪᠰᠢᠨ᠂ ᠬᠥᠮᠥᠨ ᠪᠦᠬᠦᠨ ᠬᠠᠷᠢᠭᠤᠴᠠᠯᠭ᠎ᠠ ᠲᠠᠢ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠨ᠎ᠠ᠃
     ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠴᠡᠴᠡᠷᠯᠢᠭ ᠢ ᠦᠷᠭᠦᠯᠵᠢᠯᠡᠨ ᠪᠦᠲᠦᠭᠡᠨ ᠪᠠᠶᠢᠭᠤᠯᠵᠤ᠂ ᠨᠡᠩ ᠡᠯᠪᠡᠭ ᠪᠠᠶᠠᠯᠢᠭ ᠤᠯᠠᠨ ᠶᠠᠩᠵᠤ ᠶᠢᠨ ᠠᠷᠭ᠎ᠠ ᠬᠡᠯᠪᠡᠷᠢ ᠶᠢ ᠠᠪᠴᠤ᠂ ᠬᠠᠷᠢᠯᠴᠠᠨ ᠦᠢᠯᠡᠳᠦᠯᠴᠡᠬᠦ ᠣᠶᠢᠯᠠᠭᠠᠯᠲᠠ ᠪᠠᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠠᠷᠠᠳ ᠤᠯᠠᠨ ᠤ ᠠᠮᠢᠳᠤᠷᠠᠯ ᠲᠠᠢ ᠨᠡᠩ ᠣᠶᠢᠷᠠᠲᠤᠭᠤᠯᠵᠤ᠂ ᠠᠷᠠᠳ ᠤᠯᠠᠨ ᠤ ᠪᠦᠬᠦᠯᠢ ᠴᠣᠭᠴᠠ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ  ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号