ᠰᠠᠶᠢᠬᠠᠨ ᠲᠣᠭᠤᠷᠢᠭ᠄ ᠢᠳᠡᠭᠡᠨ ᠤ ᠠᠮᠤᠷ ᠲᠦᠪᠰᠢᠨ ᠢ ᠴᠢᠩᠭ᠎ᠠ ᠠᠳᠬᠤᠵᠤ᠂ ᠪᠠᠶᠠᠷ ᠤᠨ ᠡᠳᠦᠷ ᠠᠴᠠ ᠡᠮᠦᠨ᠎ᠡ ᠪᠠᠶᠢᠴᠠᠭᠠᠵᠤ ᠨᠠᠢᠮᠠᠨ ᠰᠠᠷ᠎ᠠ ᠶᠢᠨ ᠲᠡᠷᠭᠡᠯ ᠡᠳᠦᠷ ᠤᠨ ︽ᠬᠠᠮᠲᠤ ᠶᠢᠨ ᠦᠨᠦᠷ ᠠᠮᠲᠠ︾ ᠶᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/9/18
     ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠲᠣᠭᠲᠠᠭᠤᠨ  ᠠᠵᠢᠯᠯᠠᠭ᠎ᠠ ᠶᠢ ᠪᠠᠲᠤᠯᠠᠵᠤ᠂ ᠵᠠᠬ᠎ᠠ ᠳᠡᠯᠭᠡᠭᠦᠷ  ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠬᠡᠷᠡᠭᠯᠡᠭᠴᠢᠳ  ᠤᠨ ᠪᠠᠶᠠᠷ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠬᠡᠪᠴᠢᠶᠡᠨ ᠳᠤ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠬᠡᠷᠡᠭᠯᠡᠭᠴᠢᠳ  ᠤᠨ ᠬᠠᠤᠯᠢ ᠶᠣᠰᠣᠨ ᠤ ᠡᠷᠬᠡ  ᠠᠰᠢᠭ ᠢ ᠦᠨᠡᠨᠬᠦ ᠬᠠᠮᠠᠭᠠᠯᠠᠪᠠ᠃
           ᠳᠤᠮᠳᠠ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠪᠠᠷ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠭᠠᠵᠤ᠂ ᠪᠠᠶᠠᠷ ᠤᠨ ᠡᠳᠦᠷ ᠤᠨ ᠢᠳᠡᠭᠡᠨ ᠤ ᠪᠣᠭᠤᠷᠰᠤᠭ᠂ ᠠᠷᠢᠬᠢᠨ ᠤ ᠵᠦᠢᠯ ᠵᠡᠷᠭᠡ ᠪᠠᠷ ᠭᠤᠣᠯᠳᠠᠯᠭ᠎ᠠ ᠲᠠᠢ ᠲᠥᠷᠥᠯ ᠵᠦᠢᠯ ᠢ ᠪᠣᠷᠣᠯᠠᠭᠤᠯᠵᠤ᠂ ᠡᠵᠡᠩᠨᠡᠭᠴᠢ ᠳᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠬᠤᠭᠤᠴᠠᠭ᠎ᠠ ᠠᠴᠠ ᠬᠡᠲᠦᠷᠡᠭᠰᠡᠨ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠪᠠ ᠰᠤᠯᠠ ᠰᠠᠪᠠᠯᠠᠭᠰᠠᠨ ᠢᠳᠡᠭᠡᠨ ᠤ ᠲᠡᠮᠳᠡᠭ ᠨᠢ ᠪᠦᠷᠢᠨ ᠪᠤᠰᠤ ᠪᠠᠶᠢᠬᠤ ᠵᠡᠷᠭᠡ ᠳᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠵᠤ᠂ ᠬᠡᠷᠡᠭᠯᠡᠭᠴᠢᠳ ᠤᠨ ᠠᠮᠤᠷ ᠲᠦᠪᠰᠢᠨ᠂ ᠰᠠᠨᠠᠭ᠎ᠠ ᠠᠮᠤᠷ ᠢᠳᠡᠭᠡᠨ ᠬᠤᠳᠠᠯᠳᠤᠨ ᠠᠪᠬᠤ ᠶᠢ ᠪᠠᠲᠤᠯᠠᠪᠠ᠃
      ᠣᠨᠴᠠ ᠲᠣᠮᠣ ᠬᠡᠯᠪᠡᠷᠢ ᠶᠢᠨ ᠵᠣᠴᠢᠳ ᠤᠨ ᠪᠠᠭᠤᠳᠠᠯ᠂ ᠲᠠᠷᠢᠶᠠᠴᠢᠨ ᠠᠶᠢᠯ ᠤᠨ ᠵᠢᠭᠤᠯᠴᠢᠯᠠᠯ ᠵᠢᠴᠢ ᠬᠤᠷᠢᠮ ᠤᠨ ᠶᠣᠰᠣᠯᠠᠯ ᠤᠨ ᠳᠠᠶᠢᠯᠠᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠵᠡᠷᠭᠡ ᠪᠠᠷ ᠭᠤᠣᠯᠳᠠᠯᠭ᠎ᠠ ᠲᠠᠢ ᠡᠲᠡᠭᠡᠳ ᠪᠣᠯᠭᠠᠵᠤ᠂ ᠢᠳᠡᠭᠡᠨ ᠤᠮᠳᠠᠭᠠᠨ ᠤ ᠨᠢᠭᠡᠴᠡ ᠶᠢᠨ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠴᠤ ᠬᠠᠳᠠᠭᠠᠯᠠᠬᠤ᠂ ᠲᠣᠭᠤᠭᠠᠨ ᠭᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠡᠳ᠋ᠰᠢᠭᠦᠯᠬᠦ ᠠᠵᠢᠯᠯᠠᠭᠠᠨ ᠤ ᠶᠠᠪᠤᠴᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠪᠠᠶᠢᠴᠠᠭᠠᠯᠲᠠ ᠬᠢᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠠᠷᠢᠭᠤᠴᠠᠯᠭᠠᠲᠠᠨ ᠢ ᠱᠠᠯᠠᠪᠳᠠᠭᠤᠯᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠪᠠᠶᠢᠴᠠᠭᠠᠨ ᠵᠠᠯᠠᠷᠠᠭᠤᠯᠬᠤ ᠶᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠬᠡᠷᠡᠭᠯᠡᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠪᠠ᠃
      ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠡᠰᠡᠬᠦ᠂ ᠦᠨ᠎ᠡ ᠬᠠᠩᠰᠢ ᠶᠢᠨ ᠮᠡᠬᠡᠯᠡᠯ ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠵᠡᠩᠨᠡᠭᠴᠢ ᠶᠢ ᠬᠥᠲᠥᠯᠥᠨ ᠵᠢᠯᠤᠭᠤᠳᠴᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃            ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠭᠦᠢᠯᠭᠡᠭᠡᠨ ᠤ ᠢᠳᠡᠭᠡᠨ ᠤᠮᠳᠠᠭᠠᠨ ᠤ ᠭᠤᠭᠴᠤᠭ᠎ᠠ ᠶᠢ ᠴᠢᠩᠭ᠎ᠠ ᠪᠠᠶᠢᠴᠠᠭᠠᠵᠤ᠂ ᠢᠳᠡᠭᠡᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠴᠢᠩᠭ᠎ᠠ ᠰᠡᠷᠭᠡᠶᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠵᠤ᠂ ᠬᠡᠷᠡᠭᠯᠡᠭᠴᠢᠳ ᠲᠤ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠢ ᠬᠠᠮᠠᠭᠠᠯᠠᠨ᠎ᠠ᠃             ᠢᠷᠡᠯᠲᠡ᠄   ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号