2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠨ ᠡᠯᠰᠡᠬᠦ ᠨᠠᠮᠤᠷ ᠤᠨ ᠤᠯᠠᠷᠢᠯ ᠤᠨ ᠲᠤᠰᠬᠠᠢ ᠲᠠᠯᠠᠪᠠᠢ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/9/18
     ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 12 ᠤᠨ ᠡᠳᠦᠷ ︽2024 ᠣᠨ ᠤ ᠶᠡᠭᠡ ᠳᠤᠮᠳᠠ ᠬᠤᠳᠠ ᠬᠠᠮᠲᠤᠷᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠨ ᠡᠯᠰᠡᠬᠦ ᠨᠠᠮᠤᠷ ᠤᠨ ᠤᠯᠠᠷᠢᠯ ᠤᠨ ᠲᠤᠰᠬᠠᠢ ᠲᠠᠯᠠᠪᠠᠢ ᠠᠵᠢᠯᠯᠠᠭ᠎ᠠ︾ ᠶᠢ ᠡᠬᠢᠯᠡᠭᠦᠯᠪᠡ᠂ ᠠᠵᠢᠯᠯᠠᠭ᠎ᠠ ᠨᠢ 11 ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠬᠦ ᠪᠣᠯᠣᠨ᠎ᠠ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠣᠯᠭᠤᠯᠲᠠ ᠶᠢ ᠠᠬᠢᠭᠤᠯᠬᠤ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠣᠰ ᠤᠳᠠᠭ᠎ᠠ ᠶᠢᠨ ᠠᠵᠢᠯᠯᠠᠭ᠎ᠠ ᠳᠤ ᠰᠢᠷᠢᠰ ᠲᠤᠰᠬᠠᠢ ᠲᠠᠯᠠᠪᠠᠢ ᠠᠵᠢᠯᠲᠠᠨ ᠠᠵᠢᠯᠴᠢᠨ ᠤᠷᠢᠨ ᠡᠯᠰᠡᠬᠦ ᠠᠵᠢᠯᠯᠠᠭ᠎ᠠ ᠶᠢ ᠡᠷᠭᠢᠯᠡᠨ᠎ᠡ᠂ ᠡᠭᠦᠨ ᠳᠤ ᠠᠵᠤ ᠦᠢᠯᠡᠰ ᠤᠨ ᠬᠥᠭᠵᠢᠯᠲᠡ ᠶᠢᠨ ᠬᠤᠰᠢᠭᠤᠷᠠᠯ ᠬᠦᠷᠢᠶ᠎ᠡ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠪᠤᠭᠤᠷᠤᠯᠴᠤᠳ ᠤᠨ ᠠᠵᠤ ᠠᠬᠤᠢ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠪᠠᠭᠲᠠᠨ᠎ᠠ᠂ ᠪᠠᠰᠠ ᠡᠮ ᠡᠮᠨᠡᠯᠭᠡ ᠡᠷᠡᠭᠦᠯ ᠬᠠᠮᠠᠭᠠᠯᠠᠯ᠂ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠬᠰᠠᠨ ᠰᠢᠨ᠎ᠡ᠂ ᠲᠡᠷᠢᠭᠦᠨ ᠤ ᠦᠢᠯᠡᠳᠬᠦ ᠦᠢᠯᠡᠰ᠂ ᠰᠢᠨ᠎ᠡ ᠡᠨᠧᠷᠭᠢ ᠵᠡᠷᠭᠡ ᠠᠵᠢᠯ ᠲᠥᠷᠥᠯ ᠤᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠪᠤᠢ᠃ ᠡᠭᠦᠨ ᠤ ᠬᠠᠮᠲᠤ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠴᠢᠨᠠᠷᠲᠠᠢ ᠲᠤᠰᠬᠠᠢ ᠠᠵᠢᠯᠲᠠᠨ ᠠᠵᠢᠯᠴᠢᠨ ᠡᠯᠰᠡᠬᠦ  ᠴᠤᠭᠯᠠᠭᠠᠨ ᠢ ᠡᠷᠭᠢᠯᠡᠨ᠎ᠡ ᠭᠡᠵᠦ ᠲᠠᠨᠢᠯᠴᠠᠭᠤᠯᠵᠠᠢ᠃      ᠲᠣᠰ ᠤᠳᠠᠭ᠎ᠠ ᠶᠢᠨ ᠠᠵᠢᠯᠯᠠᠭ᠎ᠠ ᠳᠤ ᠲᠣᠭᠠᠴᠢᠯᠠᠭᠰᠠᠨ ᠣᠶᠤᠨᠴᠢ ᠤᠨᠤᠪᠴᠢᠳᠠᠢ ᠦᠢᠯᠡᠴᠢᠯᠡᠭᠡ ᠶᠢ ᠴᠢᠩᠭᠠᠳᠬᠠᠬᠤ ᠪᠠᠷ ᠭᠢᠯᠠᠰ ᠴᠡᠭ ᠪᠤᠯᠭᠠᠵᠤ᠂ AI ᠵᠡᠷᠭᠡ ᠰᠢᠨ᠎ᠡ ᠮᠡᠷᠭᠡᠵᠢᠯ ᠢ ᠶᠡᠭᠡ ᠪᠠᠷ ᠣᠷᠣᠭᠤᠯᠤᠨ ᠠᠪᠴᠢᠷᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ ᠨᠢᠭᠡ ᠴᠣᠭᠴᠠᠵᠢᠭᠤᠯᠬᠤ ᠦᠢᠯᠡᠴᠢᠯᠡᠭᠡ ᠶᠢ ᠠᠬᠢᠭᠤᠯᠵᠤ᠂ ᠬᠥᠮᠥᠨ ᠪᠠ ᠠᠵᠢᠯ ᠤᠨ ᠪᠠᠶᠢᠷᠢ ᠶᠢᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠣᠰ ᠠᠵᠢᠯᠯᠠᠭ᠎ᠠ ᠳᠤ ᠪᠠᠰᠠ ᠠᠵᠢᠯᠲᠠᠨ ᠠᠵᠢᠯᠴᠢᠨ ᠡᠯᠰᠡᠬᠦ ᠰᠦᠯᠵᠢᠶ᠎ᠡ ᠳᠤ ᠲᠣᠪᠴᠢ ᠨᠠᠮᠲᠠᠷ ᠢᠶᠠᠨ ᠥᠭᠬᠦ᠂ ᠸᠢᠳᠢᠤ᠋ ᠪᠠᠷ ᠨᠢᠭᠤᠷᠲᠠᠨ ᠰᠢᠯᠭᠠᠬᠤ᠂ ᠰᠦᠯᠵᠢᠶᠡᠨ ᠳᠡᠭᠡᠷ᠎ᠡ ᠵᠥᠪᠳᠡᠯᠴᠡᠬᠦ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠵᠡᠷᠭᠡ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠠᠵᠢᠯᠯᠠᠭ᠎ᠠ ᠡᠷᠭᠢᠯᠡᠵᠦ᠂ ᠠᠵᠢᠯ ᠡᠷᠢᠬᠦ ᠶᠢ ᠨᠡᠩ ᠳᠦᠭᠦᠮ ᠲᠦᠷᠭᠡᠨ ᠪᠣᠯᠭᠠᠵᠠᠢ᠃      ᠲᠠᠨᠢᠯᠴᠠᠭᠤᠯᠤᠭᠰᠠᠨ ᠢᠶᠠᠷ᠂ ᠠᠵᠢᠯᠯᠠᠭ᠎ᠠ ᠨᠢ ᠪᠦᠭᠦ ᠤᠯᠤᠰ ᠤᠨ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠴᠢᠳᠠᠪᠤᠷᠢᠲᠠᠨ ᠤ ᠦᠢᠯᠡᠴᠢᠯᠡᠭᠡᠨ ᠤ 2400 ᠭᠠᠷᠤᠢ ᠪᠠᠶᠢᠭᠤᠯᠤᠮᠵᠢ ᠶᠢ ᠳᠠᠶᠢᠴᠢᠯᠠᠵᠤ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠣᠷᠣᠨ ᠪᠦᠰᠡ ᠳᠤ ᠬᠠᠨᠳᠤᠭᠤᠯᠤᠭᠰᠠᠨ ᠲᠤᠰᠬᠠᠢ ᠲᠠᠯᠠᠪᠠᠢ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠵᠢᠴᠢ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠳᠠ ᠦᠭᠡᠢ ᠬᠠᠩᠭᠠᠬᠤ ᠪᠣᠯᠣᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 12 ᠤᠨ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号