ᠮᠠᠨ ᠤ ᠣᠷᠣᠨ ᠤ 6 ᠲᠥᠷᠥᠯ ᠵᠦᠢᠯ ᠰᠤᠷᠭᠠᠨ ᠬᠥᠮᠦᠵᠢᠯ ᠤᠨ ᠶᠠᠮᠤᠨ ᠤ ᠲᠦᠷᠦᠯ ᠵᠦᠢᠯ ᠢᠶᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2024/9/18
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠤᠷᠭᠠᠨ ︽ᠲᠤᠷᠰᠢᠯᠲᠠ ᠶᠢᠨ ᠵᠢᠭᠠᠨ ᠰᠤᠷᠭᠠᠯᠲᠠ ᠪᠠ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠰᠤᠳᠤᠯᠭᠠᠨ ᠤ ᠲᠥᠷᠥᠯ ᠵᠦᠢᠯ ᠤᠨ ᠰᠡᠳᠦᠪ ᠲᠣᠭᠲᠠᠭᠠᠭᠰᠠᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 6 ᠶᠡᠭᠡ ᠳᠡᠭᠡᠳᠦ ᠰᠤᠷᠭᠠᠭᠤᠯᠢ ᠶᠢᠨ 6 ᠲᠥᠷᠥᠯ ᠵᠦᠢᠯ ᠰᠣᠩᠭᠤᠭᠳᠠᠪᠠ᠃      ᠡᠭᠦᠨ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠰᠢᠨᠵᠢᠯᠡᠭᠡᠨ ᠤ ᠰᠠᠯᠠᠭ᠎ᠠ ᠰᠣᠯᠪᠢᠴᠠᠭᠰᠠᠨ ᠡᠯᠧᠺᠲᠷᠣᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠤᠨ ᠢᠨᠵᠧᠨᠧᠷᠢᠩ ᠤᠨ ᠲᠤᠰᠬᠠᠢ ᠮᠡᠷᠭᠡᠵᠢᠯ ᠳᠤ ᠰᠠᠭᠤᠷᠢᠯᠠᠭᠰᠠᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠤᠨ ᠰᠤᠳᠤᠯᠭᠠᠨ︾ ᠤ ᠲᠦᠷᠦᠯ ᠵᠦᠢᠯ ᠨᠢ ᠰᠢᠨ᠎ᠡ ᠴᠠᠭ ᠦᠶ᠎ᠡ ᠶᠢᠨ ᠲᠣᠭᠠᠴᠢᠯᠠᠭᠰᠠᠨ ᠢᠨᠵᠧᠨᠧᠷᠢᠩ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠢ ᠪᠠᠶᠢᠭᠤᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠳᠤ ᠵᠣᠬᠢᠴᠠᠬᠤ ᠪᠤᠶᠤ ᠬᠥᠲᠥᠯᠥᠨ ᠳᠠᠭᠠᠭᠤᠯᠬᠤ ᠢᠷᠡᠭᠡᠳᠦᠢ ᠶᠢᠨ ᠭᠠᠷᠮᠠᠭᠠᠢ ᠢᠨᠵᠧᠨᠧᠷ ᠢ ᠭᠦᠮᠥᠵᠢᠭᠦᠯᠦᠨ᠎ᠡ; ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ︽ᠠᠵᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠤᠨ ᠪᠠᠶᠢᠭᠤᠯᠤᠯᠲᠠ ᠵᠢᠴᠢ ᠦᠢᠯᠡᠳᠦᠯᠭᠡ︾ ᠶᠢᠨ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠥᠩᠭᠡᠲᠦ ᠲᠡᠮᠦᠷᠯᠢᠭ᠂ ᠰᠢᠨ᠎ᠡ ᠮᠠᠲ᠋ᠧᠷᠢᠶᠠᠯ ᠬᠤᠶᠠᠷ ᠠᠵᠤ ᠦᠢᠯᠡᠰ ᠤᠨ ᠪᠦᠯᠦᠭᠵᠢᠯ ᠪᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠥᠩᠭᠡᠲᠦ ᠲᠡᠮᠦᠷᠯᠢᠭ  ᠬᠤᠶᠠᠷ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠰᠤᠷᠭᠠᠭᠤᠯᠢ ᠶᠢᠨ ᠳᠣᠲᠣᠭᠠᠳᠤ ᠶᠢᠨ ᠲᠤᠷᠰᠢᠯᠲᠠ ᠶᠢᠨ ᠲᠠᠰᠤᠭ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠱᠤᠭᠤᠮ ᠢ ᠨᠢᠭᠡᠳᠦᠯᠲᠡᠢ ᠲᠥᠯᠥᠪᠯᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠪᠣᠳᠠᠲᠠᠢ ᠠᠰᠠᠭᠤᠳᠠᠯ ᠯᠤᠭ᠎ᠠ ᠬᠠᠷᠢᠯᠴᠠᠨ ᠤᠶᠠᠯᠳᠤᠭᠰᠠᠨ ᠠᠵᠤ ᠦᠢᠯᠡᠰ ᠤᠨ ᠮᠠᠶ᠋ᠢᠭ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠢ ᠪᠠᠶᠢᠭᠤᠯᠤᠨ᠎ᠠ; ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ︽︿ᠤᠯᠤᠰ ᠲᠦᠷᠦ᠂ ᠤᠨᠤᠯ᠂ ᠦᠢᠯᠡᠳᠦᠯᠭᠡ᠂ ᠰᠢᠨ᠎ᠡ ᠶᠢ ᠡᠭᠦᠳᠬᠦ᠂ ᠰᠤᠳᠤᠯᠬᠤ᠂ ᠬᠡᠷᠡᠭᠯᠡᠬᠦ﹀ ᠶᠢ ᠨᠢᠭᠡ ᠴᠣᠭᠴᠠᠵᠢᠭᠤᠯᠤᠭᠰᠠᠨ ᠮᠧᠬᠠᠨᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠢ ᠪᠠᠶᠢᠭᠤᠯᠬᠤ ᠰᠤᠳᠤᠯᠭᠠᠨ︾ ᠤ ᠲᠥᠷᠥᠯ ᠵᠦᠢᠯ ᠨᠢ ᠰᠤᠷᠤᠬᠴᠢᠳ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠬᠦ ᠪᠠᠷ ᠭᠤᠣᠯ ᠪᠤᠯᠭᠠᠬᠰᠠᠨ᠂ ᠰᠤᠷᠤᠬᠴᠢᠳ ᠤᠨ ᠭᠠᠷ ᠬᠥᠳᠡᠯᠬᠦ ᠴᠢᠳᠠᠪᠤᠷᠢ᠂ ᠰᠤᠳᠤᠯᠭᠠᠨ ᠤ ᠴᠢᠳᠠᠪᠤᠷᠢ ᠪᠠ ᠲᠤᠷᠰᠢᠯᠲᠠ ᠶᠢᠨ ᠴᠢᠳᠠᠪᠤᠷᠢ ᠪᠠᠷ ᠤᠳᠤᠷᠢᠳᠤᠮᠵᠢ ᠪᠤᠯᠭᠠᠬᠰᠠᠨ ︽︿ᠤᠯᠤᠰ ᠲᠦᠷᠦ᠂ ᠤᠨᠤᠯ᠂ ᠦᠢᠯᠡᠳᠦᠯᠭᠡ᠂ ᠰᠢᠨ᠎ᠡ ᠶᠢ ᠡᠭᠦᠳᠬᠦ᠂ ᠰᠤᠳᠤᠯᠬᠤ᠂ ᠬᠡᠷᠡᠭᠯᠡᠬᠦ﹀ ᠶᠢ ᠨᠢᠭᠡ ᠴᠣᠭᠴᠠᠵᠢᠭᠤᠯᠤᠭᠰᠠᠨ︾ ᠵᠢᠭᠠᠨ ᠰᠤᠷᠭᠠᠯᠲᠠ ᠶᠢᠨ ᠰᠢᠰᠲ᠋ᠧᠮ ᠢ ᠴᠢᠷᠮᠠᠶᠢᠨ ᠪᠠᠶᠢᠭᠤᠯᠤᠨ᠎ᠠ; ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ︽ᠰᠠᠭᠤᠷᠢ ᠤᠨᠤᠯ ᠬᠢᠭᠡᠳ ᠡᠮᠴᠢᠯᠡᠭᠡ ᠶᠢ ᠨᠢᠭᠡ ᠴᠣᠭᠴᠠᠵᠢᠭᠤᠯᠤᠭᠰᠠᠨ ᠲᠣᠭᠠᠴᠢᠯᠠᠭᠰᠠᠨ ᠠᠨᠠᠭᠠᠬᠤ ᠤᠬᠠᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠤᠨ ᠰᠤᠳᠤᠯᠭᠠᠨ ᠪᠠ ᠪᠠᠶᠢᠭᠤᠯᠤᠯᠲᠠ︾ ᠶᠢᠨ ᠲᠥᠷᠥᠯ ᠵᠦᠢᠯ ᠨᠢ ᠪᠣᠳᠠᠲᠤ ᠴᠣᠭᠴᠠ ᠶᠢᠨ ᠲᠤᠷᠰᠢᠯᠲᠠ ᠬᠢᠭᠡᠳ ᠲᠣᠭᠠᠴᠢᠯᠠᠭᠰᠠᠨ ᠡᠬᠢ ᠪᠠᠶᠠᠯᠢᠭ ᠢ ᠣᠶᠤᠨᠴᠢ ᠪᠠᠷ ᠬᠤᠯᠪᠣᠯᠳᠤᠭᠤᠯᠤᠨ᠂ ᠰᠠᠭᠤᠷᠢ ᠤᠨᠤᠯ ᠬᠢᠭᠡᠳ ᠡᠮᠴᠢᠯᠡᠭᠡ ᠶᠢ ᠨᠢᠭᠡ ᠴᠣᠭᠴᠠᠵᠢᠭᠤᠯᠤᠭᠰᠠᠨ ᠲᠣᠭᠠᠴᠢᠯᠠᠭᠰᠠᠨ ᠠᠨᠠᠭᠠᠬᠤ ᠤᠬᠠᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠢ ᠴᠢᠷᠮᠠᠶᠢᠨ ᠪᠦᠷᠢᠯᠳᠦᠭᠦᠯᠦᠨ᠎ᠡ; ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠳᠠᠭᠤᠷᠢᠶᠠᠮᠠᠯ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠠᠪᠴᠠᠩ ᠤᠨ ᠪᠠᠶᠢᠭᠤᠯᠤᠯᠲᠠ ᠶᠢᠨ ᠰᠤᠳᠤᠯᠭᠠᠨ︾ ᠤ ᠲᠥᠷᠥᠯ ᠵᠦᠢᠯ  ᠨᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠳᠠᠭᠤᠷᠢᠶᠠᠮᠠᠯ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠠᠪᠴᠠᠩ ᠢ ᠴᠢᠷᠮᠠᠶᠢᠨ ᠪᠠᠶᠢᠭᠤᠯᠤᠨ᠎ᠠ; ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ︽ᠳᠤᠭᠠᠴᠢᠯᠠᠯᠳᠠ ᠣᠶᠤᠨᠴᠢᠯᠠᠯᠲᠠ ᠪᠠᠷ ᠬᠥᠳᠡᠯᠭᠡᠭᠦᠷ ᠪᠤᠯᠭᠠᠵᠤ᠂ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠄ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ︿ᠦᠵᠡᠯ ᠰᠠᠨᠠᠭ᠎ᠠ ᠤᠯᠤᠰ ᠲᠦᠷᠦ ᠳᠤᠭᠠᠴᠢᠯᠠᠯᠳᠠ ᠰᠢᠨ᠎ᠡ ᠶᠢ ᠡᠭᠦᠳᠬᠦ ᠠᠵᠤ ᠦᠢᠯᠡᠰ﹀ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠤᠳᠤᠯᠭᠠᠨ︾ ᠤ ᠲᠥᠷᠥᠯ ᠵᠦᠢᠯ  ᠨᠢ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠪᠦᠭᠦ ᠬᠡᠯᠬᠢᠶ᠎ᠡ ᠶᠢᠨ ᠠᠮᠢ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃      ︽ᠵᠠᠯᠭᠠᠭᠠᠳ ᠪᠢᠳᠡ ᠲᠥᠷᠥᠯ ᠵᠦᠢᠯ ᠤᠨ ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠠᠲᠤᠯᠠᠭ᠎ᠠ ᠶᠢᠨ ᠠᠵᠢᠯ ᠢ ᠴᠢᠩᠭᠠᠳᠬᠠᠨ ᠰᠠᠶᠢᠲᠤᠷ ᠬᠢᠬᠦ ᠶᠢ ᠠᠬᠢᠭᠤᠯᠵᠤ᠂ ᠡᠭᠦᠨ ᠤ ᠤᠯᠠᠮ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠦᠰᠢᠭ ᠪᠤᠯᠭᠠᠵᠤ᠂ ᠰᠢᠨᠵᠢᠯᠡᠭᠡᠨ ᠤ ᠰᠠᠯᠠᠭ᠎ᠠ ᠶᠢ ᠰᠣᠯᠪᠢᠴᠠᠭᠤᠯᠬᠤ᠂ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠲᠤᠭ᠎ᠠ ᠪᠠᠷᠢᠮᠲᠠ ᠪᠠᠷ ᠴᠢᠳᠠᠪᠤᠷᠢ ᠣᠯᠭᠤᠬᠤ ᠶᠢ ᠲᠣᠪᠤᠶᠢᠯᠭᠠᠨ᠂ ᠴᠢᠳᠠᠪᠤᠷᠢᠲᠠᠨ ᠢ ᠬᠥᠮᠥᠵᠢᠭᠦᠯᠬᠦ ᠠᠵᠢᠯ ᠤᠨ ︿ᠮᠡᠳᠡᠯᠭᠡ ᠰᠤᠷᠴᠤ ᠡᠵᠡᠮᠰᠢᠬᠦ﹀ ᠶᠢ ᠴᠢᠬᠤᠯᠠᠴᠢᠯᠠᠵᠤ ᠪᠠᠶᠢᠭᠰᠠᠨ ᠢ ︿ᠴᠢᠳᠠᠪᠤᠷᠢ ᠪᠠᠨ ᠴᠢᠩᠭᠠᠳᠬᠠᠬᠤ﹀ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠵᠤ᠂ ᠪᠦᠭᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号