ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ ᠤᠳᠠᠯ ᠦᠭᠡᠢ ᠡᠬᠢᠯᠡᠨ᠎ᠡ
ᠨᠡᠶᠢᠲᠡᠯᠡᠭᠰᠡᠨ ᠴᠠᠭ᠄
2024/9/19
       ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠣᠳᠠᠲᠠᠢ ᠳᠠᠭᠠᠭᠠᠴᠢᠯᠠᠨ ᠡᠷᠭᠢᠯᠡᠭᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ 9 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ ᠲᠦᠩᠯᠢᠶᠣᠣ ᠬᠤᠲᠠ ᠳᠤ ᠵᠢᠩᠬᠢᠨᠢ ᠪᠠᠷ ᠡᠬᠢᠯᠡᠨ᠎ᠡ᠃ ᠴᠤᠭᠯᠠᠭᠠᠨ ᠨᠢ︽ᠤᠮᠠᠷᠠᠲᠤ ᠬᠢᠯᠢ ᠳᠤ ᠴᠢᠳᠠᠪᠤᠷᠢᠲᠠᠨ ᠢ ᠴᠤᠭᠯᠠᠭᠤᠯᠵᠤ ᠠᠵᠢᠯ ᠤᠨ ᠪᠠᠶᠢᠷᠢ ᠪᠠᠷ ᠢᠷᠡᠭᠡᠳᠦᠢ ᠶᠢ ᠵᠢᠭᠠᠨ᠎ᠠ︾ ᠭᠡᠬᠦ ᠭᠤᠣᠯ ᠰᠡᠳᠦᠪ ᠢᠶᠠᠷ᠂ ᠭᠤᠣᠯᠳᠠᠯᠭ᠎ᠠ ᠪᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠤᠲᠠ ᠪᠠᠯᠭᠠᠰᠤᠨ ᠤ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠡᠷᠢᠬᠦ ᠬᠦᠰᠡᠯ ᠡᠷᠡᠮᠡᠯᠵᠡᠯ ᠲᠠᠢ ᠬᠥᠳᠡᠯᠮᠦᠷᠢᠴᠢᠳ ᠪᠣᠯᠣᠨ ᠤᠷᠢᠵᠤ ᠬᠡᠷᠡᠭᠯᠡᠬᠦ ᠠᠵᠤ ᠠᠬᠤᠶᠢᠯᠠᠯ ᠳᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠬᠠᠩᠭᠠᠬᠤ ᠪᠣᠯᠣᠨ᠎ᠠ᠃                      ᠠᠵᠢᠯᠲᠠᠨ ᠡᠯᠰᠡᠬᠦ ᠠᠵᠢᠯᠯᠠᠭ᠎ᠠ ᠶᠢ ᠪᠦᠭᠦ ᠣᠷᠣᠨ ᠤ ᠬᠡᠪᠴᠢᠶᠡᠨ ᠳᠤ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠭᠡᠯᠪᠡᠷᠢ ᠪᠠᠷ ᠵᠡᠷᠭᠡ ᠪᠠᠷ ᠥᠷᠨᠢᠭᠦᠯᠵᠦ᠂ ᠭᠤᠣᠯ ᠬᠤᠷᠠᠯ ᠤᠨ ᠲᠠᠯᠠᠪᠠᠶ ᠶᠢ ᠲᠦᠩᠯᠢᠶᠣᠣ ᠬᠤᠲᠠ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠲᠤ ᠪᠠᠶᠢᠷᠢᠯᠠᠭᠤᠯᠵᠤ᠂ ᠪᠤᠰᠤᠳ 11 ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ 2 ᠲᠥᠯᠥᠪᠯᠡᠭᠡ ᠳᠤ ᠠᠰᠲᠠᠭᠠᠨ ᠵᠢᠭᠰᠠᠭᠠᠭᠰᠠᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠠᠵᠢᠯᠲᠠᠨ ᠡᠯᠰᠡᠬᠦ᠂︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠰᠤᠷᠲᠠᠯᠴᠢᠯᠠᠬᠤ︾ᠪᠠ ︽ᠴᠡᠭ ᠬᠠᠷᠠᠭᠠᠯᠵᠠᠭᠤᠯᠤᠨ︾ᠦᠢᠯᠡᠴᠢᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠢ ᠵᠣᠯᠭᠠᠭᠤᠯᠬᠤ ᠦᠢᠯᠡᠴᠢᠯᠡᠭᠡ ᠶᠢ ᠥᠷᠨᠢᠭᠦᠯᠦᠨ᠎ᠡ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠭᠤᠣᠯ ᠲᠠᠯᠠᠪᠤᠷ ᠲᠤ 8 ᠠᠵᠢᠯᠲᠠᠨ ᠡᠯᠰᠡᠬᠦ ᠲᠤᠰᠬᠠᠢ ᠲᠣᠭᠤᠷᠢᠭ ᠲᠣᠬᠢᠷᠠᠭᠤᠯᠪᠠ᠂ ᠲᠣᠰ ᠲᠣᠰ᠄ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠢ ᠲᠣᠭᠤᠷᠢᠭ᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠤᠰᠬᠠᠢ ᠲᠣᠭᠤᠷᠢᠭ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠲᠤᠰᠬᠠᠢ ᠲᠣᠭᠤᠷᠢᠭ᠂ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠢ ᠲᠣᠭᠤᠷᠢᠭ᠂ ᠵᠠᠯᠠᠭᠤᠴᠤᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠤᠰᠬᠠᠢ ᠲᠣᠭᠤᠷᠢᠭ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠲᠤᠰᠬᠠᠢ ᠲᠣᠭᠤᠷᠢᠭ᠂ ᠪᠡᠭᠡᠵᠢᠩ ᠥᠪᠥᠷ ᠮᠣᠩᠭᠤᠯ ᠤᠨ ᠭᠦᠳᠡᠯᠮᠦᠷᠢ ᠬᠦᠴᠦᠨ ᠤ ᠬᠠᠮᠵᠢᠯᠴᠠᠭᠠᠨ ᠤ ᠲᠤᠰᠬᠠᠢ ᠲᠣᠭᠤᠷᠢᠭ ᠵᠡᠷᠭᠡ ᠪᠠᠶᠢᠵᠤ᠂ ᠠᠭᠤᠯᠭ᠎ᠠ ᠨᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢ ᠨᠡᠶᠢᠲᠡᠯᠡᠬᠦ ᠪᠠ ᠢᠯᠡ ᠪᠠᠷ ᠤᠷᠢᠬᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠪᠠᠴᠢᠮ ᠱᠠᠭᠠᠷᠳᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡ ᠵᠡᠷᠭᠡ ᠣᠯᠠᠨ ᠵᠦᠢᠯ ᠤᠨ ᠠᠵᠢᠯᠯᠠᠭ᠎ᠠ ᠶᠢᠨ ᠠᠭᠤᠯᠭ᠎ᠠ ᠶᠢ ᠬᠠᠮᠤᠷᠤᠨ᠎ᠠ᠃          ᠣᠳᠣᠬᠠᠨ ᠳᠤ ᠡᠯ᠎ᠡ ᠵᠦᠢᠯ ᠤᠨ ᠠᠵᠢᠯ ᠢ ᠶᠠᠭ ᠪᠠᠴᠢᠮ ᠪᠡᠯᠡᠳᠬᠡᠵᠦ ᠪᠠᠶᠢᠨ᠎ᠠ᠂ ᠪᠠᠷᠤᠭ 1000 ᠠᠵᠤ ᠠᠬᠤᠶᠢᠯᠠᠯ ᠠᠵᠢᠯᠲᠠᠨ ᠡᠯᠰᠡᠵᠦ᠂ ᠠᠵᠢᠯ ᠤᠨ ᠪᠠᠶᠢᠷᠢ 10000 ᠠᠴᠠ ᠳᠡᠭᠡᠭᠰᠢ ᠬᠠᠩᠭᠠᠬᠤ ᠪᠠᠷ ᠲᠥᠯᠥᠪᠯᠡᠵᠦ ᠪᠠᠶᠢᠨ᠎ᠠ᠃            ᠢᠷᠡᠯᠲᠡ᠄  ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠᠨᠡᠶᠢᠭᠡᠮ ᠤᠨ  ᠪᠠᠲᠤᠯᠠᠭ᠎ᠠ   ᠶᠢᠨ  ᠲᠢᠩᠬᠢᠮ ᠤᠨ  ᠵᠢᠷᠭᠢᠶ᠎ᠡ ᠶᠢᠨ ᠲᠠᠪᠴᠠᠩ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号