ᠮᠠᠨ ᠤ ᠤᠯᠤᠰ ᠤᠨ ᠬᠦᠨᠳᠦ ᠶᠡᠭᠡ ᠤᠳᠠᠭᠠᠨ ᠴᠢᠨᠠᠷᠲᠠᠢ ᠡᠪᠡᠳᠴᠢᠨ ᠢᠶᠠᠷ ᠭᠡᠲᠦ ᠡᠷᠲᠡ ᠦᠬᠦᠬᠦ ᠨᠣᠷᠮ᠎ᠠ 15% ᠪᠣᠯᠵᠤ ᠪᠠᠭᠤᠷᠠᠪᠠ
ᠨᠡᠶᠢᠲᠡᠯᠡᠭᠰᠡᠨ ᠴᠠᠭ᠄
2024/9/19
       ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠭᠢᠯᠡᠭᠴᠢ ᠢᠦᠢ ᠰᠢᠤᠸᠠᠢ ᠵᠢᠶᠦ᠋ᠨ 12 ᠤᠨ ᠡᠳᠦᠷ᠂ ᠮᠠᠨ ᠤ ᠤᠯᠤᠰ ᠤᠨ ᠬᠦᠨᠳᠦ ᠶᠡᠭᠡ ᠤᠳᠠᠭᠠᠨ ᠴᠢᠨᠠᠷᠲᠠᠢ ᠡᠪᠡᠳᠴᠢᠨ ᠢᠶᠠᠷ ᠭᠡᠲᠦ ᠡᠷᠲᠡ ᠦᠬᠦᠬᠦ ᠨᠣᠷᠮ᠎ᠠ 2015 ᠣᠨ ᠳᠤ 18.5% ᠪᠠᠶᠢᠭᠰᠠᠨ ᠠᠴᠠ ᠪᠠᠨ 2023 ᠣᠨ ᠳᠤ ᠨᠢᠭᠡᠨᠲᠡ 15.0% ᠪᠣᠯᠵᠤ ᠪᠠᠭᠤᠷᠠᠨ᠂ ᠪᠠᠭᠤᠷᠠᠯᠲᠠ ᠶᠢᠨ ᠬᠡᠮᠵᠢᠶ᠎ᠡ ᠨᠢ 18.9% ᠳᠤ ᠬᠦᠷᠴᠡᠢ ᠭᠡᠪᠡ᠃            ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠤᠨ ᠲᠤᠬᠠᠢ ᠶᠢᠨ ᠡᠳᠦᠷ ᠬᠤᠷᠠᠯᠳᠤᠭᠤᠯᠤᠭᠰᠠᠨ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠢᠦᠢ ᠰᠢᠤᠸᠠᠢ ᠵᠢᠶᠦ᠋ᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠨ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠶᠢ ᠴᠢᠩᠭᠠᠳᠬᠠᠵᠤ᠂ ᠪᠦᠭᠦ ᠬᠥᠮᠥᠰ᠂ ᠠᠮᠢ ᠨᠠᠰᠤᠨ ᠤ ᠪᠦᠭᠦ ᠦᠶᠡᠯᠡᠯ ᠤᠨ ᠬᠤᠭᠤᠴᠠᠭ᠎ᠠ᠂ ᠪᠦᠭᠦ ᠶᠠᠪᠤᠴᠠ ᠶᠢᠨ ᠤᠳᠠᠭᠠᠨ ᠴᠢᠨᠠᠷᠲᠠᠢ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ ᠭᠡᠵᠦ ᠲᠠᠨᠢᠯᠴᠠᠭᠤᠯᠪᠠ᠃            ᠬᠦᠨᠳᠦ ᠶᠡᠭᠡ ᠤᠳᠠᠭᠠᠨ ᠴᠢᠨᠠᠷᠲᠠᠢ ᠡᠪᠡᠳᠴᠢᠨ ᠢᠶᠠᠷ ᠭᠡᠲᠦ ᠡᠷᠲᠡ ᠦᠬᠦᠬᠦ ᠨᠣᠷᠮ᠎ᠠ ᠭᠡᠳᠡᠭ ᠨᠢ 30 ᠨᠠᠰᠤᠨ ᠠᠴᠠ 70  ᠨᠠᠰᠤᠨ ᠤ  ᠬᠥᠮᠥᠰ ᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠰᠢᠬᠢᠷ ᠰᠢᠵᠢᠩ ᠡᠪᠡᠳᠴᠢᠨ ᠪᠤᠶᠤ ᠤᠳᠠᠭᠠᠨ ᠴᠢᠨᠠᠷᠲᠠᠢ ᠠᠮᠢᠰᠬᠤᠯ ᠤᠨ ᠰᠢᠰᠲ᠋ᠧᠮ ᠤᠨ ᠡᠪᠡᠳᠴᠢᠨ ᠵᠡᠷᠭᠡ ᠠᠴᠠ ᠪᠣᠯᠵᠤ ᠦᠬᠦᠬᠦ ᠲᠣᠬᠢᠶᠠᠯᠳᠤᠮᠵᠢ ᠶᠢ ᠵᠢᠭᠠᠵᠤ ᠪᠤᠶ᠂ ᠡᠨᠡ ᠪᠣᠯ ᠨᠢᠭᠡ ᠤᠯᠤᠰ ᠪᠠ ᠭᠠᠵᠠᠷ ᠣᠷᠣᠨ ᠤ ᠤᠳᠠᠭᠠᠨ ᠴᠢᠨᠠᠷᠲᠠᠢ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠬᠢᠷᠢ ᠬᠡᠮᠵᠢᠶ᠎ᠡ ᠶᠢ ᠦᠨᠡᠯᠡᠬᠦ ᠴᠢᠬᠤᠯᠠ ᠭᠦᠢᠴᠡᠳᠬᠡᠯ ᠲᠤᠭ᠎ᠠ ᠪᠣᠯᠣᠨ᠎ᠠ᠃            ᠲᠠᠨᠢᠯᠴᠠᠭᠤᠯᠤᠭᠰᠠᠨ ᠢᠶᠠᠷ᠂ ᠮᠠᠨ ᠤ ᠤᠯᠤᠰ ᠤᠨ 97% ᠠᠴᠠ ᠳᠡᠭᠡᠭᠰᠢᠬᠢ ᠰᠢᠶᠠᠨ ᠲᠣᠭᠤᠷᠢᠭ ︽ᠳᠠᠪᠤᠰᠤ ᠶᠢ ᠪᠠᠭᠠᠰᠬᠠᠬᠤ᠂ ᠲᠣᠰᠣ ᠶᠢ ᠪᠠᠭᠠᠰᠬᠠᠬᠤ᠂ ᠰᠢᠬᠢᠷ ᠢ ᠪᠠᠭᠠᠰᠬᠠᠬᠤ᠂ ᠡᠷᠡᠭᠦᠯ ᠠᠮᠠᠨ ᠬᠥᠨᠳᠡᠢ᠂ ᠡᠷᠡᠭᠦᠯ ᠪᠡᠶ᠎ᠡ ᠶᠢᠨ ᠬᠦᠨᠳᠦ᠂ ᠡᠷᠡᠭᠦᠯ ᠠᠷᠤᠭ ᠶᠠᠰᠤ︾ ᠪᠠᠷ ᠭᠤᠣᠯ ᠰᠡᠳᠦᠪ ᠪᠤᠯᠭᠠᠬᠰᠠᠨ ᠪᠦᠭᠦ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠤᠨ ᠠᠵᠢᠯᠯᠠᠭ᠎ᠠ ᠥᠷᠨᠢᠭᠦᠯᠪᠡ᠃ 2023 ᠣᠨ ᠪᠤᠯᠲᠠᠯ᠎ᠠ᠂ ᠪᠦᠭᠦ ᠤᠯᠤᠰ ᠲᠤ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠭᠦ ᠣᠷᠣᠨ ᠢ ᠨᠡᠶᠢᠲᠡ 485 ᠪᠠᠶᠢᠭᠤᠯᠵᠤ᠂ ᠰᠢᠶᠠᠨ ᠲᠣᠭᠤᠷᠢᠭ ᠤᠨ ᠪᠦᠷᠬᠦᠴᠡ ᠶᠢᠨ ᠨᠣᠷᠮ᠎ᠠ ᠨᠢᠭᠡᠨᠲᠡ 17% ᠳᠤ ᠬᠦᠷᠴᠡᠢ᠃            ᠡᠭᠦᠨ ᠠᠴᠠ ᠭᠠᠳᠠᠨ᠎ᠠ᠂ ᠬᠦᠨᠳᠦ ᠶᠡᠭᠡ ᠤᠳᠠᠭᠠᠨ ᠴᠢᠨᠠᠷᠲᠠᠢ ᠡᠪᠡᠳᠴᠢᠨ ᠢ ᠡᠷᠲᠡ ᠠᠴᠠ ᠰᠢᠭᠰᠢᠨ ᠪᠠᠶᠢᠴᠠᠭᠠᠬᠤ ᠪᠠ ᠡᠷᠲᠡ ᠠᠴᠠ ᠬᠠᠮᠢᠶᠠᠷᠬᠤ ᠪᠠᠷ ᠭᠠᠷᠳᠠᠬᠤ ᠴᠡᠭ ᠪᠤᠯᠭᠠᠵᠤ᠂ ᠮᠠᠨ ᠤ ᠤᠯᠤᠰ ᠤᠷᠢᠳᠴᠢᠯᠠᠨ ᠰᠡᠷᠭᠡᠶᠢᠯᠡᠬᠦ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠮᠨᠡᠨ ᠵᠠᠰᠠᠬᠤ᠂ ᠡᠷᠡᠭᠦᠯᠵᠢᠭᠦᠯᠬᠦ ᠪᠦᠭᠦ ᠶᠠᠪᠤᠴᠠ ᠶᠢᠨ ᠬᠠᠮᠢᠶᠠᠷᠤᠯᠲᠠ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠤᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠣᠭᠤᠮᠲᠠ ᠶᠢ ᠤᠷᠢᠳᠴᠢᠯᠠᠨ ᠲᠣᠬᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃          ᠮᠠᠨ ᠤ ᠤᠯᠤᠰ ᠤᠨ ᠬᠥᠮᠥᠨ ᠠᠮᠠ ᠶᠢᠨ ᠨᠠᠰᠤᠵᠢᠯᠲᠠ᠂ ᠰᠠᠭᠤᠭᠠᠯᠢ ᠠᠷᠠᠳ ᠤᠨ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠷᠠᠯᠲᠠ ᠶᠢ ᠳᠠᠭᠠᠯᠳᠤᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠤ ᠡᠭᠦᠰᠬᠦ ᠨᠣᠷᠮ᠎ᠠ ᠶᠡᠷᠦᠩᠬᠡᠢ ᠳᠡᠭᠡᠨ ᠳᠡᠭᠡᠭᠰᠢᠯᠡᠬᠦ ᠬᠠᠨᠳᠤᠰᠢ  ᠲᠠᠢ ᠪᠣᠯᠵᠤ᠂ ᠤᠳᠠᠭᠠᠨ ᠴᠢᠨᠠᠷᠲᠠᠢ ᠡᠪᠡᠳᠴᠢᠨ ᠢᠶᠠᠷ ᠨᠠᠰᠤ ᠪᠠᠷᠠᠭᠰᠠᠨ ᠬᠥᠮᠥᠨ ᠤ ᠲᠤᠭ᠎ᠠ ᠨᠢ ᠰᠠᠭᠤᠭᠠᠯᠢ ᠠᠷᠠᠳ ᠤᠨ ᠨᠠᠰᠤ ᠪᠠᠷᠠᠭᠰᠠᠨ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠠᠷᠢᠴᠠᠯ ᠨᠢ 80% ᠶᠢ ᠳᠠᠪᠠᠭᠰᠠᠨ ᠪᠠᠶᠢᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 12 ᠤᠨ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号