2024 ᠣᠨ ᠤ ᠳᠤᠮᠳᠠᠳᠤ ᠤᠯᠤᠰ ᠤᠨ ᠲᠣᠣᠷ ᠪᠥᠮᠪᠦᠭᠡ ᠶᠢᠨ ᠲᠣᠭᠤᠷᠢᠨ ᠤᠷᠤᠯᠳᠤᠬᠤ ᠤᠷᠤᠯᠳᠤᠭᠠᠨ ᠤ ᠬᠥᠬᠡᠬᠤᠲᠠ ᠶᠢᠨ ᠲᠣᠣᠷ ᠪᠥᠮᠪᠦᠭᠡ ᠶᠢᠨ ᠢᠯᠡ ᠤᠷᠤᠯᠳᠤᠭᠠᠨ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/9/19
     9 ᠳ᠋ᠦ᠋ᠭᠡᠷ ᠰᠠᠷ᠎ᠠ ᠶᠢᠨ 15 ᠤ ᠡᠳᠦᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠣᠣᠷ ᠪᠥᠮᠪᠦᠭᠡ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠪᠡᠶ᠎ᠡ ᠶᠢᠨ ᠲᠠᠮᠢᠷ ᠵᠠᠯᠠᠭᠤᠴᠤᠳ ᠪᠠᠭᠠᠴᠤᠳ ᠤᠨ ᠫᠷᠣᠭ᠍ᠷᠠᠮ ᠤᠨ ᠲᠥᠪ᠂ ᠳᠤᠮᠳᠠᠳᠤ ᠤᠯᠤᠰ ᠤᠨ ᠲᠣᠣᠷ ᠪᠥᠮᠪᠦᠭᠡ ᠶᠢᠨ ᠨᠡᠶᠢᠭᠡᠮᠯᠢᠭ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ 2024 ᠣᠨ ᠤ ᠳᠤᠮᠳᠠᠳᠤ ᠤᠯᠤᠰ ᠤᠨ ᠲᠣᠣᠷ ᠪᠥᠮᠪᠦᠭᠡ ᠶᠢᠨ ᠲᠣᠭᠤᠷᠢᠨ ᠣᠷᠣᠯᠳᠤᠬᠤ ᠤᠷᠤᠯᠳᠤᠭᠠᠨ ᠤ ᠬᠥᠬᠡᠬᠤᠲᠠ ᠶᠢᠨ ᠲᠣᠣᠷ ᠪᠥᠮᠪᠦᠭᠡ ᠶᠢᠨ ᠢᠯᠡ ᠤᠷᠤᠯᠳᠤᠭᠠᠨ ᠵᠠᠳᠠᠭᠠᠢ ᠴᠡᠴᠡᠷᠯᠢᠭ ᠤᠨ ᠲᠣᠣᠷ ᠪᠥᠮᠪᠦᠭᠡ ᠶᠢᠨ ᠣᠷᠳᠣᠨ ᠳᠤ ᠶᠠᠪᠤᠭᠳᠠᠪᠠ᠃            ᠲᠣᠰ ᠤᠷᠤᠯᠳᠤᠭᠠᠨ ᠬᠤᠶᠠᠷ ᠡᠳᠦᠷ ᠶᠠᠪᠤᠭᠳᠠᠵᠤ᠂ ᠡᠷᠡᠭᠲᠡᠢ ᠶᠢᠨ ᠭᠠᠭᠴᠠ ᠪᠠᠷ ᠴᠣᠬᠢᠬᠤ᠂ ᠡᠮᠡᠭᠲᠡᠢ ᠶᠢᠨ ᠭᠠᠭᠴᠠ ᠪᠠᠷ ᠴᠣᠬᠢᠬᠤ᠂ ᠡᠷᠡᠭᠲᠡᠢ ᠶᠢᠨ ᠬᠤᠣᠰᠯᠠᠨ ᠴᠣᠬᠢᠬᠤ᠂ ᠡᠮᠡᠭᠲᠡᠢ ᠶᠢᠨ ᠬᠤᠣᠰᠯᠠᠨ ᠴᠣᠬᠢᠬᠤ᠂ ᠡᠷᠡᠭᠲᠡᠢ ᠡᠮᠡᠭᠲᠡᠢ ᠬᠤᠣᠰᠯᠠᠨ ᠴᠣᠬᠢᠬᠤ ᠵᠡᠷᠭᠡ 5 ᠲᠥᠷᠥᠯ ᠵᠦᠢᠯ ᠭᠠᠷᠭᠠᠵᠤ᠂ CTA200 ᠤᠷᠤᠯᠳᠤᠭᠠᠨ ᠤ ᠲᠠᠰ ᠪᠠᠶᠢᠵᠤ᠂ ᠶᠡᠷᠦᠩᠬᠡᠢ ᠱᠠᠩᠨᠠᠯ ᠤᠨ ᠮᠥᠩᠭᠦ 15 ᠲᠦᠮᠡᠨ ᠲᠥᠭᠦᠷᠢᠭ ᠬᠦᠷᠴᠦ᠂ ᠪᠡᠭᠡᠵᠢᠩ᠂ ᠲᠢᠶᠠᠨᠵᠢᠨ᠂ ᠾᠧᠪᠧᠢ᠂ ᠥᠪᠥᠷ ᠮᠣᠩᠭᠤᠯ᠂ ᠯᠢᠶᠣᠤᠨᠢᠩ᠂ ᠱᠠᠩᠬᠠᠢ᠂ ᠵᠢᠶᠠᠩᠰᠤ ᠵᠡᠷᠭᠡ 18 ᠮᠤᠵᠢ ᠣᠷᠣᠨ ᠬᠤᠲᠠ ᠶᠢᠨ 100 ᠭᠠᠷᠤᠢ ᠲᠣᠣᠷ ᠪᠥᠮᠪᠦᠭᠡ ᠶᠢᠨ ᠲᠠᠮᠢᠷᠴᠢᠳ ᠣᠷᠣᠯᠴᠠᠵᠠᠢ᠃ ᠳᠡᠭᠡᠷᠡᠬᠢ ᠪᠣᠯ ᠤᠷᠤᠯᠳᠤᠭᠠᠨ ᠤ ᠲᠠᠯᠠᠪᠠᠢ ᠶᠢᠨ ᠵᠢᠷᠤᠭ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号