ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠤᠷᠭᠠᠭᠤᠯᠢ ᠡᠬᠢᠯᠡᠬᠦ ᠰᠠᠨᠠᠭᠤᠯᠤᠮᠵᠢ ᠨᠡᠶᠢᠲᠡᠯᠡᠪᠡ
ᠨᠡᠶᠢᠲᠡᠯᠡᠭᠰᠡᠨ ᠴᠠᠭ᠄
2024/9/2
     2024 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠵᠠᠯᠭᠠᠭ᠎ᠠ ᠪᠠᠷ ᠡᠬᠢᠯᠡᠵᠦ ᠪᠤᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ  ᠨᠤᠭᠤᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠵᠦᠢᠯ ᠤᠨ ᠠᠵᠢᠯ ᠲᠦᠷᠦᠯ ᠤᠨ ᠦᠨᠡᠨ ᠬᠦ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ᠂ ᠪᠠᠭᠰᠢ ᠰᠤᠷᠤᠬᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠬᠢᠴᠢᠶᠡᠯ ᠡᠬᠢᠯᠡᠬᠦ ᠠᠴᠠ ᠡᠮᠦᠨ᠎ᠡ ᠨᠣᠮ ᠪᠡᠯᠡᠬᠡᠨ ᠪᠤᠯᠬᠤ︾ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠬᠡᠰᠡᠭ ᠠᠶᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ) ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠦᠶᠡᠷ ᠤᠨ ᠬᠤᠭᠤᠴᠠᠭᠠᠨ ᠳᠤ ᠭᠠᠮᠰᠢᠭᠳᠠᠭᠰᠠᠨ ᠰᠤᠷᠭᠠᠭᠤᠯᠢ ᠶᠢ ᠰᠡᠷᠭᠦᠭᠡᠨ ᠪᠦᠲᠦᠭᠡᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠠᠮᠠᠷᠠᠯᠲᠠ ᠶᠢᠨ ᠬᠤᠭᠤᠴᠠᠭ᠎ᠠ ᠪᠣᠯᠣᠨ ᠰᠤᠷᠭᠠᠭᠤᠯᠢ ᠡᠬᠢᠯᠡᠬᠦ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠵᠢᠭᠠᠨ ᠰᠤᠷᠭᠠᠯᠲᠠ ᠶᠢᠨ ᠠᠬᠢᠴᠠ ᠪᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠰᠤᠷᠭᠠᠭᠤᠯᠢ ᠠᠴᠠ ᠰᠤᠷᠤᠬᠴᠢᠳ ᠲᠤ ᠨᠠᠭᠠᠲᠤ ᠵᠠᠬ᠎ᠠ ᠳᠠᠭᠠᠨ ᠨᠢᠭᠡ ᠭᠠᠷᠠᠭ ᠤᠨ ᠵᠣᠬᠢᠴᠠᠬᠤ ᠬᠤᠭᠤᠴᠠᠭ᠎ᠠ ᠲᠣᠬᠢᠷᠠᠭᠤᠯᠵᠤ᠂ ᠭᠠᠷ ᠤᠲᠠᠰᠤᠨ ᠤ ᠬᠠᠮᠢᠶᠠᠷᠤᠯᠲᠠ᠂ ᠳᠠᠰᠬᠠᠯ ᠤᠨ ᠪᠠᠶᠢᠴᠠᠭᠠᠯᠲᠠ ᠶᠢᠨ ᠵᠣᠬᠢᠴᠠᠯᠳᠤᠯ ᠢ ᠰᠠᠶᠢᠲᠤᠷ ᠬᠢᠵᠦ᠂ ᠰᠤᠷᠤᠬᠴᠢᠳ ᠢᠯᠠᠩᠭᠤᠶ᠎ᠠ ᠰᠢᠨ᠎ᠡ ᠰᠤᠷᠤᠬᠴᠢᠳ ᠢ ᠠᠯᠬᠤᠮ ᠳᠠᠷᠠᠭ᠎ᠠ ᠲᠠᠢ ᠪᠠᠷ ᠰᠤᠷᠭᠠᠭᠤᠯᠢ ᠶᠢᠨ ᠰᠤᠷᠤᠯᠭ᠎ᠠ ᠠᠮᠢᠳᠤᠷᠠᠯ ᠳᠤ ᠵᠣᠬᠢᠴᠠᠭᠤᠯᠬᠤ ᠭᠡᠷᠡᠭᠲᠡᠢ; ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠰᠤᠷᠭᠠᠭᠤᠯᠢ ᠡᠬᠢᠯᠡᠭᠰᠡᠨ ᠤ ᠳᠠᠷᠠᠭᠠᠬᠢ ᠨᠢᠭᠡ ᠰᠠᠷ᠎ᠠ ᠶᠢᠨ ᠳᠣᠲᠣᠷ᠎ᠠ ᠵᠣᠬᠢᠴᠠᠬᠤ ᠬᠥᠮᠦᠵᠢᠯ ᠢ ᠲᠥᠪᠯᠡᠷᠡᠭᠦᠯᠦᠨ ᠥᠷᠨᠢᠭᠦᠯᠵᠦ᠂ ᠰᠠᠭᠤᠷᠢ ᠦᠭᠡᠢ ᠠᠴᠠ ᠡᠬᠢᠯᠡᠬᠦ ᠵᠢᠭᠠᠨ ᠰᠤᠷᠭᠠᠯᠲᠠ ᠶᠢ ᠴᠢᠩᠭ᠎ᠠ ᠬᠡᠷᠡᠭᠵᠢᠭᠦᠯᠵᠦ᠂ ᠪᠠᠭ᠎ᠠ ᠰᠤᠷᠭᠠᠭᠤᠯᠢ ᠶᠢᠨ ᠨᠢᠭᠡ ᠬᠤᠶᠠᠳᠤᠭᠠᠷ ᠣᠨ ᠳᠤ ᠪᠢᠴᠢᠭ ᠤᠨ ᠳᠠᠰᠬᠠᠯ ᠦᠯᠡᠳᠡᠭᠡᠬᠦ ᠦᠭᠡᠢ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠡᠦᠬᠡᠳ ᠤᠨ ᠬᠠᠶᠢᠨ ᠰᠦᠪᠡᠭᠴᠢᠯᠡᠬᠦ ᠴᠢᠨᠠᠷᠲᠠᠢ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠰᠤᠷᠤᠯᠴᠠᠯᠭ᠎ᠠ ᠶᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠭᠠᠵᠠᠷ ᠤᠨ ᠡᠯ᠎ᠡ ᠰᠤᠷᠭᠠᠭᠤᠯᠢ  ᠨᠤᠭᠤᠳ ᠢ ᠵᠢᠯᠣᠭᠤᠳᠤᠨ ᠭᠡᠷ ᠲᠡᠭᠡᠨ ᠬᠤᠴᠣᠷᠤᠭᠰᠠᠨ ᠬᠡᠦᠬᠡᠳ᠂ ᠶᠠᠪᠤᠭᠤᠯ ᠬᠡᠦᠬᠡᠳ᠂ ᠵᠡᠮᠳᠡᠭ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠡᠷᠭᠡ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠰᠤᠷᠭᠠᠭᠤᠯᠢ ᠲᠠᠢ ᠨᠡᠪᠲᠡᠷᠡᠯᠴᠡᠬᠦ ᠪᠠ ᠬᠠᠯᠠᠮᠵᠢᠯᠠᠨ ᠬᠠᠶᠢᠷᠠᠯᠠᠬᠤ ᠶᠢ ᠰᠠᠶᠢᠲᠤᠷ ᠬᠢᠵᠦ᠂ ᠬᠠᠯᠠᠮᠵᠢᠯᠠᠨ ᠬᠠᠶᠢᠷᠠᠯᠠᠬᠤ ᠪᠠ ᠬᠢᠨᠠᠨ ᠬᠠᠮᠢᠶᠠᠷᠬᠤ ᠶᠢ ᠳᠤᠲᠠᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠨᠢᠭᠡᠳᠦᠭᠡᠷ ᠬᠢᠴᠢᠶᠡᠯ ᠢ ᠰᠠᠶᠢᠲᠤᠷ ᠣᠷᠣᠵᠤ᠂ ︽ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾ ᠳᠤ ᠤᠯᠤᠰ ᠢᠶᠠᠨ ᠬᠠᠶᠢᠷᠠᠯᠠᠬᠤ ᠦᠵᠡᠯ᠂ ᠭᠦᠳᠡᠯᠮᠦᠷᠢ᠂ ᠠᠮᠤᠷ ᠲᠦᠪᠰᠢᠨ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠠᠭᠤᠰᠤᠯᠴᠠᠭᠤᠯᠵᠤ᠂ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠢ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ  ᠲᠠᠭᠠᠨ ᠤᠷᠤᠭᠰᠢᠯᠠᠵᠤ᠂ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠤᠭᠲᠤᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠡᠭᠦᠨ ᠠᠴᠠ ᠭᠠᠳᠠᠨ᠎ᠠ᠂ ᠮᠡᠳᠡᠭᠳᠡᠯ ᠳᠤ ᠪᠠᠰᠠ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠵᠢᠷᠤᠮᠵᠢᠬᠰᠠᠨ ᠬᠠᠮᠢᠶᠠᠷᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠯᠠᠵᠤ ᠠᠮᠠᠷᠠᠬᠤ ᠴᠠᠭ ᠢᠶᠠᠨ ᠴᠢᠩᠭ᠎ᠠ ᠵᠢᠷᠤᠮᠵᠢᠭᠤᠯᠤᠨ᠂ ᠤᠯᠤᠰ ᠤᠨ ᠬᠢᠴᠢᠶᠡᠯ ᠢ ᠭᠦᠢᠴᠡᠳ ᠨᠡᠭᠡᠭᠡᠵᠦ᠂ ᠰᠤᠷᠭᠠᠭᠤᠯᠢ ᠶᠢᠨ ᠳᠣᠲᠣᠭᠠᠳᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢᠨ ᠲᠣᠭᠤᠷᠢᠨ ᠳᠤ ᠬᠢᠴᠢᠶᠡᠯ ᠤᠨ ᠳᠣᠲᠣᠷ᠎ᠠ ᠭᠠᠳᠠᠨᠠᠬᠢ ᠭᠡᠲᠦ ᠬᠦᠨᠳᠦ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠰᠤᠷᠭᠠᠨ ᠬᠥᠮᠦᠵᠢᠯ ᠤᠨ ᠶᠠᠮᠤᠨ ᠤ ︽ᠵᠢᠷᠤᠮᠵᠢᠭᠤᠯᠤᠨ ᠬᠠᠮᠢᠶᠠᠷᠬᠤ ᠣᠨ︾ ᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠢ ᠵᠢᠯᠣᠭᠤᠳᠤᠨ ︽ᠳᠤᠮᠳᠠᠳᠤ ᠪᠠᠭ᠎ᠠ ᠰᠤᠷᠭᠠᠭᠤᠯᠢ (ᠬᠡᠦᠬᠡᠳ ᠤᠨ ᠴᠡᠴᠡᠷᠯᠢᠭ) ᠶᠢᠨ ᠰᠤᠷᠭᠠᠭᠤᠯᠢ ᠡᠷᠭᠢᠯᠡᠭᠦ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠵᠠᠰᠠᠬᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠬᠦ︾ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号