ᠬᠥᠬᠡᠬᠤᠲᠠ ︽ᠵᠢᠷᠭᠤᠭᠠᠨ ᠨᠢᠭᠡ︾ ᠠᠵᠢᠯ ᠤᠨ ᠲᠣᠭᠲᠠᠴᠠ ᠶᠢ ᠪᠠᠶᠢᠭᠤᠯᠵᠤ  ᠰᠢᠨ᠎ᠡ ᠬᠡᠯᠪᠡᠷᠢ ᠶᠢᠨ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/9/20
     ︽ᠵᠢᠷᠭᠤᠭᠠᠨ ᠨᠢᠭᠡ︾ ᠠᠵᠢᠯ ᠤᠨ ᠲᠣᠭᠲᠠᠴᠠ ᠭᠡᠳᠡᠭ ᠨᠢ ᠳᠠᠷᠤᠢ ᠦᠵᠦ ᠲᠥᠯᠥᠪᠯᠡᠭᠡ ᠶᠢᠨ ᠲᠥᠰᠥᠯ ᠢ ᠨᠢᠭᠡ ᠳᠠᠷᠤᠮᠠᠯᠯᠠᠨ ᠲᠠᠷᠬᠠᠭᠠᠬᠤ᠂ ᠵᠢᠯᠤᠭᠤᠳᠬᠤ ᠭᠠᠵᠠᠷ ᠢ ᠨᠢᠭᠡ ᠪᠠᠶᠢᠭᠤᠯᠬᠤ᠂ ᠲᠤᠰᠬᠠᠢ ᠮᠡᠷᠭᠡᠵᠢᠯᠲᠡᠨ ᠤ ᠺᠣᠮᠢᠰ ᠢ ᠨᠢᠭᠡ ᠵᠣᠬᠢᠶᠠᠨ ᠪᠠᠶᠢᠭᠤᠯᠬᠤ᠂ ᠵᠠᠰᠠᠭ ᠵᠠᠬᠢᠷᠭᠠᠨ ᠤ ᠪᠠᠶᠢᠭᠤᠯᠤᠮᠵᠢ ᠶᠢ ᠨᠢᠭᠡ ᠪᠠᠶᠢᠭᠤᠯᠬᠤ᠂ ᠪᠦᠬᠦ ᠪᠡᠯᠡ ᠮᠥᠩᠭᠦ ᠶᠢ ᠤᠯᠤᠰ ᠠᠴᠠ ᠭᠠᠷᠭᠠᠭᠰᠠᠨ ᠤᠯᠤᠰ ᠤᠨ ᠥᠮᠴᠢᠯᠡᠯᠲᠦ ᠺᠣᠮᠫᠠᠨᠢ ᠶᠢ ᠨᠢᠭᠡ ᠡᠭᠦᠳᠦᠨ ᠪᠠᠶᠢᠭᠤᠯᠬᠤ᠂ ᠵᠢᠯ ᠪᠦᠷᠢ 2 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ ᠶᠢ ᠲᠣᠬᠢᠷᠠᠭᠤᠯᠵᠤ᠂ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠶᠢ ᠬᠡᠯᠡᠵᠦ ᠪᠣᠢ᠃ ᠣᠳᠣᠬᠠᠨ ᠳᠤ᠂ ᠬᠤᠲᠠ ᠶᠢᠨ ᠲᠠᠷᠢᠬᠢ ᠶᠢ ᠪᠥᠬᠦ ᠬᠤᠲᠠ ᠶᠢᠨ 109 ᠰᠠᠯᠠᠭ᠎ᠠ ᠮᠥᠴᠢᠷ᠂ 343 ᠰᠢᠰᠲ᠋ᠧᠮ ᠳᠤ ᠵᠠᠯᠭᠠᠭᠰᠠᠨ ᠤ ᠬᠠᠮᠲᠤ᠂ ᠪᠥᠬᠦ ᠬᠤᠲᠠ ᠶᠢᠨ ᠡᠯ᠎ᠡ ᠲᠠᠰ ᠳᠠᠪᠬᠤᠷᠭ᠎ᠠ᠂ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠵᠦ ᠰᠣᠯᠢᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠨᠡᠶᠢᠲᠡ ᠬᠤᠷᠠᠮᠳᠤᠭᠤᠯᠤᠭᠰᠠᠨ ᠳ᠋ᠠᠶᠢᠲ᠋ᠠ ᠶᠢᠨ ᠶᠡᠷᠦᠩᠬᠡᠢ ᠬᠡᠮᠵᠢᠶ᠎ᠡ 52.6 ᠳ᠋ᠦᠩᠰᠢᠭᠤᠷ ᠵᠤᠷᠪᠤᠰ ᠪᠣᠯᠵᠤ᠂ 27.9 ᠳ᠋ᠦᠩᠰᠢᠭᠤᠷ ᠵᠤᠷᠪᠤᠰ ᠳ᠋ᠠᠶᠢᠲ᠋ᠠ ᠶᠢ ᠬᠠᠮᠲᠤ ᠡᠳ᠋ᠯᠡᠵᠦ ᠪᠣᠯᠣᠨ᠎ᠠ᠂ ᠰᠠᠯᠠᠭ᠎ᠠ ᠮᠥᠴᠢᠷ ᠤᠨ ᠬᠥᠮᠥᠷᠭᠡ ᠶᠢ 31᠂ ᠰᠠᠭᠤᠷᠢ ᠬᠥᠮᠥᠷᠭᠡ ᠶᠢ 4᠂ ᠲᠤᠰᠬᠠᠢ ᠰᠡᠳᠦᠪᠲᠦ ᠬᠥᠮᠥᠷᠭᠡ ᠶᠢ 5᠂ ᠥᠨᠳᠥᠷ ᠪᠠᠷᠢᠮᠵᠢᠶᠠᠲᠤ ᠳ᠋ᠠᠶᠢᠲ᠋ᠠ ᠶᠢᠨ ᠴᠤᠭᠯᠠᠷᠠᠯ ᠢ 4 ᠪᠦᠷᠢᠯᠳᠦᠭᠦᠯᠵᠦ  ᠂ ᠳ᠋ᠠᠶᠢᠲ᠋ᠠ ᠶᠢᠨ ᠵᠠᠯᠭᠠᠪᠤᠷᠢ ᠶᠢ 723 ᠨᠡᠭᠡᠭᠡᠵᠦ᠂ 5200 ᠭᠠᠷᠤᠢ ᠲᠦᠮᠡ ᠤᠳᠠᠭ᠎ᠠ ᠰᠢᠯᠵᠢᠭᠦᠯᠦᠨ ᠬᠡᠷᠡᠭᠯᠡᠪᠡ᠃ ︵ᠬᠥᠬᠡᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号