ᠢᠳᠡᠭᠡᠨ ᠤᠮᠳᠠᠭᠠᠨ ᠤ ᠠᠮᠤᠷ ᠲᠦᠪᠰᠢᠨ ᠢ ᠴᠢ ᠪᠢᠳᠡ ᠬᠠᠮᠲᠤ ᠪᠠᠷ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/9/20
     ᠣᠶᠢᠷ᠎ᠠ ᠳᠤ᠂ ︽ᠠᠷᠪᠢᠯᠠᠨ ᠭᠠᠮᠨᠠᠬᠤ ᠶᠢ ᠡᠷᠬᠢᠮᠯᠡᠬᠦ︾ 2024 ᠣᠨ ᠳᠤ ᠥᠪᠥᠷ ᠮᠣᠩᠭᠤᠯ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠬᠤ ᠪᠣᠯᠪᠠᠰᠤᠨ ᠤ ᠠᠵᠢᠯᠯᠠᠭ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠢᠯᠤᠭᠤᠳᠴᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠠᠮᠧᠷᠢᠺᠠ ᠶᠢᠨ ᠪᠦᠯᠬᠦᠮ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠭᠢᠯᠡᠪᠡ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠢᠳᠡᠭᠡᠨ ᠤᠮᠳᠠᠭᠠᠨ ᠪᠣᠯᠣᠨ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠶ᠎ᠠ ᠲᠠᠯᠪᠢᠭᠰᠠᠨ ᠪᠥᠭᠡᠳ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠬᠤᠳᠠᠯᠳᠤᠭᠠᠴᠢᠨ ᠡᠷᠦᠬᠡ ︽ᠢᠳᠡᠭᠡᠨ ᠤᠮᠳᠠᠭᠠᠨ ᠤ ᠠᠮᠤᠷ ᠲᠦᠪᠰᠢᠨ ᠤ ᠪᠢᠲᠡᠭᠦᠮᠵᠢᠯᠡᠯ ᠢ ᠬᠡᠷᠡᠭᠯᠡᠨ ᠢᠳᠡᠭᠡᠨ ᠤᠮᠳᠠᠭᠠᠨ ᠤ ᠭᠠᠳᠠᠭᠰᠢ ᠬᠤᠳᠠᠯᠳᠤᠬᠤ ᠳᠤ ᠠᠮᠤᠷ ᠲᠦᠪᠰᠢᠨ ᠤ ᠣᠨᠢᠰᠤ ᠨᠡᠮᠡᠬᠦ︾ ᠰᠠᠨᠠᠭᠠᠴᠢᠯᠠᠭ᠎ᠠ ᠭᠠᠷᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠢᠳᠡᠭᠡᠨ ᠤᠮᠳᠠᠭᠠᠨ ᠤ ᠬᠤᠳᠠᠯᠳᠤᠭᠠᠴᠢᠨ ᠤ ᠲᠥᠯᠥᠭᠡᠯᠡᠭᠴᠢ ᠪᠣᠯᠣᠨ ᠮᠣᠷᠢᠲᠤ ᠴᠡᠷᠢᠭ ᠤᠨ ᠲᠥᠯᠥᠭᠡᠯᠡᠭᠴᠢ ᠳᠤ ᠢᠳᠡᠭᠡᠨ ᠤ ᠠᠮᠤᠷ ᠲᠦᠪᠰᠢᠨ ᠤ ᠪᠢᠲᠡᠭᠦᠮᠵᠢ ᠭᠠᠷ ᠤᠨ ᠥᠰᠥᠭ ᠵᠢᠷᠤᠵᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠭᠤᠣᠯ ᠰᠡᠳᠦᠪᠲᠦ ᠶᠠᠷᠢᠶ᠎ᠠ ᠲᠠᠯᠪᠢᠪᠠ᠃ ᠠᠵᠢᠯᠯᠠᠭ᠎ᠠ ᠶᠢᠨ ᠳᠤᠮᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠰᠠ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠰᠬᠠᠢ ᠴᠡᠭᠴᠡᠯᠡᠨ ᠵᠠᠰᠠᠬᠤ ᠠᠵᠢᠯ ᠤᠨ ᠳᠤᠮᠳᠠ ᠤᠯᠠᠭᠠᠨ ᠰᠠᠮᠪᠠᠷ᠎ᠠ ᠣᠯᠣᠭᠰᠠᠨ ᠠᠵᠤ ᠠᠬᠤᠶᠢᠯᠠᠯ ᠳᠤ ᠫᠠᠶᠢᠰᠠ ᠣᠯᠭᠤᠵᠤ᠂ ᠭᠠᠳᠠᠭᠰᠢ ᠬᠤᠳᠠᠯᠳᠤᠭᠴᠢ ᠳᠤ ︽ᠪᠣᠯᠪᠠᠰᠤᠨ ᠮᠣᠷᠢᠲᠤ ᠴᠡᠷᠢᠭ᠂ ᠠᠯᠪᠠᠨ ᠵᠢᠷᠤᠮ ᠤᠨ ᠬᠢᠨᠠᠯᠲᠠ ᠲᠠᠯᠪᠢᠭᠴᠢ︾ ᠭᠡᠬᠦ ᠤᠷᠢᠯᠭ᠎ᠠ ᠶᠢᠨ ᠪᠢᠴᠢᠭ ᠣᠯᠭᠤᠪᠠ᠃          ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠱᠠᠭᠠᠷᠳᠠᠭᠰᠠᠨ ᠨᠢ᠂ ᠢᠳᠡᠭᠡᠨ ᠤᠮᠳᠠᠭᠠᠨ ᠤ ᠡᠵᠡᠩᠨᠡᠭᠴᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ ᠢᠳᠡᠭᠡᠨ ᠤᠮᠳᠠᠭᠠᠨ ᠤ ᠭᠠᠳᠠᠭᠰᠢ ᠬᠤᠳᠠᠯᠳᠤᠬᠤ ᠲᠠᠪᠴᠠᠩ ᠨᠢ ᠵᠠᠬᠢᠶᠠᠯᠠᠭ᠎ᠠ ᠶᠢᠨ ᠬᠤᠭᠤᠯᠠ ᠬᠦᠷᠭᠡᠬᠦ ᠵᠠᠩᠭᠢᠯᠠᠭ᠎ᠠ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠬᠡᠷᠡᠭᠲᠡᠢ᠃ ᠢᠳᠡᠭᠡᠨ ᠤᠮᠳᠠᠭᠠᠨ ᠤ ᠡᠵᠡᠩᠨᠡᠭᠴᠢ ᠪᠣᠯᠣᠨ ᠦᠢᠯᠡᠴᠢᠯᠡᠭᠴᠢᠳ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠬᠠᠤᠯᠢ ᠶᠣᠰᠣᠨ ᠤ ᠪᠣᠯᠪᠠᠰᠤᠨ ᠢᠶᠠᠷ ᠬᠤᠭᠤᠯᠠ ᠢᠳᠡᠬᠦ ᠬᠡᠷᠡᠭᠯᠡᠭᠡᠨ ᠤ ᠣᠷᠴᠢᠨ ᠲᠣᠭᠤᠷᠢᠨ  ᠢ ᠬᠠᠮᠲᠤᠪᠠᠷ ᠪᠠᠶᠢᠭᠤᠯᠵᠤ᠂ ᠥᠷᠭᠡᠨ ᠣᠯᠠᠨ ᠬᠡᠷᠡᠭᠯᠡᠭᠴᠢᠳ ᠠᠮᠤ ᠪᠤᠳᠠᠭ᠎ᠠ ᠠᠷᠪᠢᠯᠠᠬᠤ ᠦᠵᠡᠯ ᠤᠬᠠᠮᠰᠠᠷ  ᠢ ᠪᠣᠶ ᠪᠣᠯᠭᠠᠬᠤ ᠬᠠᠷᠢᠭᠤᠴᠠᠯᠭ᠎ᠠ ᠲᠠᠢ ᠪᠠᠶᠢᠵᠤ᠂ ᠢᠳᠡᠭᠡᠨ ᠤᠮᠳᠠᠭᠠᠨ  ᠢ ᠪᠦᠷᠢᠯᠭᠡᠨ ᠰᠦᠢᠳᠬᠡᠬᠦ ᠶᠢ ᠬᠤᠷᠢᠭᠯᠠᠨ ᠵᠣᠭᠰᠤᠭᠠᠬᠤ ᠲᠦᠷᠦᠭᠦᠴᠢ ᠪᠣᠯᠬᠤ ᠬᠡᠷᠡᠭᠲᠡᠢ᠃         ᠥᠪᠥᠷ ᠮᠣᠩᠭᠤᠯ ᠤᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠬᠤᠭᠤᠯᠠ ᠤᠮᠳᠠᠭᠠᠨ ᠤ ᠠᠵᠤ ᠠᠬᠤᠶᠢᠯᠠᠯ ︽ᠠᠯᠢ ᠴᠢᠳᠠᠬᠤ ᠪᠠᠷ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠶᠢ ᠢᠳᠡᠭᠡᠨ ᠤᠮᠳᠠᠭᠠᠨ ᠤ ᠦᠢᠯᠡᠴᠢᠯᠡᠭᠡᠨ ᠤ ᠪᠥᠬᠦ ᠦᠵᠡᠭᠳᠡᠯ᠂ ᠪᠥᠬᠦ ᠶᠠᠪᠤᠴᠠ ᠳᠤ ᠲᠤᠤᠱᠯᠠᠭᠤᠯᠵᠤ᠂ ᠬᠡᠷᠡᠭᠯᠡᠭᠴᠢᠳ ᠲᠤ ᠵᠢᠵᠢᠭ ᠬᠤᠪᠢ ᠨᠣᠭᠤᠭ᠎ᠠ ᠵᠡᠷᠭᠡ ᠦᠢᠯᠡᠴᠢᠯᠡᠭᠡ ᠶᠢ ᠢᠳᠡᠪᠬᠢᠲᠡᠢ ᠬᠠᠩᠭᠠᠬᠤ ᠬᠡᠷᠡᠭᠲᠡᠢ ᠭᠡᠵᠦ ᠰᠠᠨᠠᠭᠠᠴᠢᠯᠠᠪᠠ᠃ ᠬᠡᠷᠡᠭᠯᠡᠭᠴᠢᠳ ᠬᠡᠷᠡᠭᠴᠡᠭᠡ ᠪᠠᠷ ᠢᠶᠠᠨ ᠵᠠᠬᠢᠶᠠᠯᠠᠵᠤ᠂ ᠠᠷᠪᠢᠯᠠᠨ ᠬᠡᠷᠡᠭᠯᠡᠵᠦ᠂ ᠦᠯᠡᠳᠡᠭᠰᠡᠨ ᠳᠠᠶᠢᠯᠠᠯᠭ᠎ᠠ ᠶᠢ ᠲᠡᠪᠴᠢᠵᠦ᠂ ︽ᠭᠡᠷᠡᠯᠯᠢᠭ ᠳ᠋ᠢᠰᠺ︾ ᠢᠶᠠᠷ ᠢᠷᠠᠭᠤ ᠠᠯᠳᠠᠷ ᠪᠣᠯᠭᠠᠵᠤ᠂ ᠬᠤᠭᠤᠯᠠᠨ ᠰᠢᠷᠡᠭᠡ ᠶᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠢ᠃  ᠪᠦᠭᠦᠳᠡᠭᠡᠷ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂  ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠭᠠᠷ ᠬᠤᠯᠪᠣᠨ ᠬᠠᠮᠲᠤ ᠪᠠᠷ ᠰᠠᠬᠢᠨ ᠬᠠᠮᠠᠭᠠᠯᠠᠵᠤ᠂ ᠦᠢᠯᠡ ᠠᠵᠢᠯᠯᠠᠭ᠎ᠠ ᠪᠠᠷ ᠢᠶᠠᠨ ᠪᠣᠯᠪᠠᠰᠤᠨ ᠢᠶᠠᠷ ᠬᠤᠭᠤᠯᠠᠯᠠᠬᠤ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号