| ︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠦᠢ ᠹᠧᠩ︶ ᠰᠠᠶᠢᠬᠠᠨ ᠪᠣᠭᠤᠮᠲᠠ ᠶᠢᠨ | ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 8 ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠨᠢ 150.5 ᠳ᠋ᠦᠩᠰᠢᠭᠤᠷ ᠲᠥᠭᠦᠷᠢᠭ | ᠬᠦᠷᠴᠦ᠂ ᠠᠳᠠᠯᠢ ᠬᠤᠭᠤᠴᠠᠭᠠᠨ ᠠᠴᠠ 31% ᠨᠡᠮᠡᠭᠳᠡᠵᠦ᠂ ᠪᠦᠬᠦ ᠣᠷᠣᠨ ᠤ 11.2% ᠢ ᠡᠵᠡᠯᠡᠵᠦ᠂ ᠲᠡᠦᠬᠡ ᠶᠢᠨ | ᠰᠢᠨ᠎ᠡ ᠲᠡᠮᠳᠡᠭᠯᠡᠯ ᠢ ᠡᠭᠦᠳᠴᠡᠢ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 71.4 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 35.3% ᠪᠠᠷ ᠨᠡᠮᠡᠭᠳᠡᠪᠡ᠂ ᠭᠠᠳᠠᠭᠠᠳᠤ ᠳᠤ | ᠭᠠᠷᠭᠠᠭᠰᠠᠨ ᠠᠷᠠᠯᠵᠢᠶᠠᠨ ᠤ ᠥᠷᠲᠡᠭ 79.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ | 27.3% ᠪᠠᠷ ᠨᠡᠮᠡᠭᠳᠡᠪᠡ᠃ | | | ᠪᠣᠳᠠᠲᠠᠢ ᠪᠠᠷ ᠦᠵᠡᠪᠡᠯ᠂ ᠬᠥᠬᠡᠬᠤᠲᠠ ᠶᠢᠨ ᠭᠤᠣᠯ ᠪᠣᠯᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠲᠤ | ᠪᠣᠯᠪᠠᠰᠤᠷᠠᠭᠤᠯᠤᠭᠰᠠᠨ ᠲᠣᠰᠣ᠂ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠪᠠᠶᠢᠵᠤ᠂ ᠭᠠᠳᠠᠭᠠᠳᠤ ᠠᠴᠠ | ᠣᠷᠣᠭᠤᠯᠤᠭᠰᠠᠨ ᠥᠷᠲᠡᠭ ᠨᠢ ᠲᠣᠰ ᠲᠣᠰ 28.7 ᠳ᠋ᠦᠩᠰᠢᠭᠤᠷ ᠲᠥᠭᠦᠷᠢᠭ᠂ 17.3 ᠳ᠋ᠦᠩᠰᠢᠭᠤᠷ ᠲᠥᠭᠦᠷᠢᠭ | ᠪᠣᠯᠣᠨ᠎ᠠ᠃ ᠭᠠᠳᠠᠭᠠᠳᠤ ᠳᠤ ᠭᠠᠷᠭᠠᠭᠰᠠᠨ ᠭᠤᠣᠯᠳᠠᠭᠤ ᠲᠠᠸᠠᠷ ᠲᠤ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ | ᠰᠢᠨ᠎ᠡ ᠮᠡᠷᠭᠡᠵᠢᠯ ᠤᠨ ᠦᠢᠯᠡᠳᠬᠦᠨ ᠵᠡᠷᠭᠡ ᠪᠠᠶᠢᠵᠤ᠂ ᠭᠠᠳᠠᠭᠠᠳᠤ ᠳᠤ ᠭᠠᠷᠭᠠᠭᠰᠠᠨ ᠥᠷᠲᠡᠭ ᠨᠢ ᠲᠣᠰ ᠲᠣᠰ 18. | 9 ᠳ᠋ᠦᠩᠰᠢᠭᠤᠷ ᠲᠥᠭᠦᠷᠢᠭ᠂ 11.9 ᠳ᠋ᠦᠩᠰᠢᠭᠤᠷ ᠲᠥᠭᠦᠷᠢᠭ ᠬᠦᠷᠴᠡᠢ᠃ ᠭᠤᠣᠯ ᠪᠣᠯᠬᠤ ᠠᠷᠠᠯᠵᠢᠶᠠᠨ ᠤ ᠵᠠᠬ᠎ᠠ | ᠳᠡᠯᠭᠡᠭᠦᠷ ᠲᠤ ︽ᠨᠢᠭᠡ ᠪᠦᠰᠡ ᠨᠢᠭᠡ ᠵᠠᠮ ᠢ ᠬᠠᠮᠲᠤ ᠪᠠᠷ ᠴᠣᠭᠴᠠᠯᠠᠬᠤ ᠤᠯᠤᠰ︾ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠲᠡᠭ ᠬᠠᠮᠤᠭ ᠤᠨ ᠥᠨᠳᠥᠷ ᠪᠠᠶᠢᠵᠤ᠂ 96.9 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 72.9% ᠪᠠᠷ ᠨᠡᠮᠡᠭᠳᠡᠨ᠂ ᠪᠥᠬᠦ ᠬᠤᠲᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠤᠨ 64.4% ᠶᠢ ᠡᠵᠡᠯᠡᠪᠡ | ᠃ ᠮᠠᠯᠠᠶᠢᠰᠢᠶ᠎ᠠ᠂ ᠠᠮᠧᠷᠢᠺᠠ᠂ ᠮᠣᠩᠭᠤᠯ ᠤᠯᠤᠰ᠂ ᠣᠷᠣᠰ ᠵᠡᠷᠭᠡ ᠤᠯᠤᠰ ᠨᠢ ᠭᠤᠣᠯ ᠠᠷᠠᠯᠵᠢᠶᠠᠨ ᠤ ᠤᠯᠤᠰ | ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠨᠢ ᠲᠣᠰ ᠲᠣᠰ | 29.3 ᠳ᠋ᠦᠩᠰᠢᠭᠤᠷ ᠲᠥᠭᠦᠷᠢᠭ᠂ 20.5 ᠳ᠋ᠦᠩᠰᠢᠭᠤᠷ ᠲᠥᠭᠦᠷᠢᠭ᠂ 17.0 ᠳ᠋ᠦᠩᠰᠢᠭᠤᠷ ᠲᠥᠭᠦᠷᠢᠭ᠂ 13. | 5 ᠳ᠋ᠦᠩᠰᠢᠭᠤᠷ ᠲᠥᠭᠦᠷᠢᠭ ᠬᠦᠷᠪᠡ᠃ ᠡᠭᠦᠨ ᠠᠴᠠ ᠭᠠᠳᠠᠨ᠎ᠠ᠂ ᠲᠦᠷᠦᠭᠦᠤ 8 ᠰᠠᠷ᠎ᠠ ᠳᠤ ᠬᠥᠬᠡᠬᠤᠲᠠ ᠬᠢᠭᠡᠳ | ᠠᠹᠷᠢᠺᠠ ᠲᠢᠪ ᠤᠨ ᠭᠠᠵᠠᠷ ᠣᠷᠣᠨ ᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠠᠷᠠᠯᠵᠢᠶᠠᠨ ᠤ ᠦᠷᠲᠡᠭ 8.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 65. | 1% ᠪᠠᠷ ᠨᠡᠮᠡᠭᠳᠡᠨ᠂ ᠶᠡᠷᠦᠩᠬᠡᠢ ᠨᠡᠮᠡᠭᠳᠡᠯ ᠤᠨ ᠬᠡᠮᠵᠢᠶ᠎ᠡ ᠠᠴᠠ 34 ᠴᠡᠭ ᠥᠨᠳᠥᠷ ᠪᠣᠯᠵᠠᠢ᠃ | | | ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠳᠠᠷᠤᠭ᠎ᠠ ᠯᠢ ᠪᠢᠨ ᠤ | ᠲᠠᠨᠢᠯᠴᠠᠭᠤᠯᠤᠭᠰᠠᠨ ᠢᠶᠠᠷ᠂ ᠬᠥᠬᠡᠬᠤᠲᠠ ᠨᠢ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ᠣᠷᠣᠨ ᠪᠦᠰᠡ | ᠣᠷᠣᠨ ᠪᠠᠶᠢᠷᠢ᠂ ᠰᠠᠭᠤᠷᠢ ᠲᠥᠬᠦᠭᠡᠷᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ | ᠣᠷᠣᠯᠠᠭᠤᠯᠵᠤ ᠪᠣᠯᠣᠰᠢ ᠦᠭᠡᠢ ᠳᠠᠪᠠᠭᠤᠯᠢᠭ ᠲᠠᠢ ᠶᠤᠮ᠃ ᠡᠨᠡ ᠵᠢᠯ ᠠᠴᠠ ᠨᠠᠰᠢ᠂ ᠡᠯᠡᠰᠦᠨ ᠳᠠᠪᠠᠭ᠎ᠠ ᠪᠠᠷᠠᠭᠠᠨ | ᠭᠦᠢᠯᠭᠡᠭᠡᠨ ᠤ ᠬᠦᠷᠢᠶᠡᠯᠡᠩ᠂ ᠲᠢᠶᠧ ᠲᠦᠩ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠭᠤᠮᠲᠠ ᠶᠢᠨ | ᠬᠢᠨᠠᠯᠲᠠ ᠬᠠᠮᠢᠶᠠᠷᠤᠯᠲᠠ ᠶᠢᠨ ᠭᠠᠵᠠᠷ ᠵᠠᠯᠭᠠᠭ᠎ᠠ ᠪᠠᠷ ᠬᠡᠷᠡᠭᠯᠡᠯᠲᠡ ᠳᠤ ᠣᠷᠣᠵᠤ᠂ ᠵᠢᠱᠢᠶᠡᠨ ᠤ ᠭᠠᠯᠲᠤ ᠲᠡᠷᠭᠡᠨ | ᠲᠡᠭᠡᠭᠡᠪᠦᠷᠢᠯᠡᠯᠲᠡ ᠶᠢᠨ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠳᠤᠮᠳᠠᠳᠤ ᠡᠸᠦ᠋ᠷᠦᠫᠡ ᠶᠢᠨ ᠵᠢᠱᠢᠶᠡᠨ ᠤ ᠭᠠᠯᠲᠤ | ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠳᠤ ᠴᠢᠬᠤᠯᠠ ᠨᠥᠬᠦᠴᠡᠯ ᠬᠠᠩᠭᠠᠵᠤ᠂ | ︽ᠨᠢᠭᠡ ᠪᠦᠰᠡ ᠨᠢᠭᠡ ᠵᠠᠮ ᠢ ᠬᠠᠮᠲᠤ ᠪᠠᠷ ᠴᠣᠭᠴᠠᠯᠠᠬᠤ ᠤᠯᠤᠰ︾ ᠯᠤᠭ᠎ᠠ ᠠᠷᠠᠯᠵᠢᠶᠠᠨ ᠤ ᠬᠡᠪᠴᠢᠶ᠎ᠡ ᠶᠢ | ᠥᠷᠭᠡᠳᠬᠡᠭᠰᠡᠨ ᠨᠢ ᠨᠢᠭᠡᠨᠲᠡ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠢ ᠳᠠᠶᠢᠴᠢᠯᠠᠬᠤ ᠴᠢᠬᠤᠯᠠ | ᠬᠦᠴᠦᠨ ᠵᠦᠢᠯ ᠪᠣᠯᠤᠭᠰᠠᠨ ᠪᠠᠶᠢᠨ᠎ᠠ᠃ |