ᠬᠥᠬᠡᠬᠤᠲᠠ ᠶᠢᠨ ᠮᠦᠽᠧᠢ ᠶᠢᠨ ᠬᠥᠭᠵᠢᠯᠲᠡ ᠶᠢ ᠠᠬᠢᠭᠤᠯᠬᠤ ᠳᠦ᠋ᠷᠢᠮ
ᠨᠡᠶᠢᠲᠡᠯᠡᠭᠰᠡᠨ ᠴᠠᠭ᠄
2024/9/20
      ︵2024 ᠣᠨ ᠤ 3 ᠳ᠋ᠤᠭᠠᠷ ᠰᠠᠷ᠎ᠠ ᠶᠢᠨ 6 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠤᠷᠠᠯ ᠢᠶᠠᠷ ᠪᠠᠲᠤᠯᠠᠪᠠ 2024 ᠣᠨ ᠤ 5 ᠳ᠋ᠤᠭᠠᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠳᠤᠭᠠᠷ ᠤᠳᠠᠭ᠎ᠠ ᠶᠢᠨ ᠬᠤᠷᠠᠯ ᠢᠶᠠᠷ ᠵᠥᠪᠰᠢᠶᠡᠷᠡᠪᠡ︶            ᠨᠢᠭᠡᠳᠦᠭᠡᠷ ᠪᠦᠯᠦᠭ   ᠶᠡᠷᠦᠩᠬᠡᠢ ᠳᠦᠷᠢᠮ            ᠨᠢᠭᠡᠳᠦᠭᠡᠷ ᠵᠦᠢᠯ  ᠮᠦᠽᠧᠢ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠦᠽᠧᠢ ᠶᠢᠨ ᠴᠢᠳᠠᠪᠤᠷᠢ ᠶᠢ ᠪᠠᠳᠠᠷᠠᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠢᠷᠭᠡᠳ ᠤᠨ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠬᠤᠳᠠ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ︾᠂ ᠲᠦᠷᠦ ᠶᠢᠨ ᠶᠠᠪᠤᠳᠠᠯ ᠤᠨ ᠬᠤᠷᠢᠶᠠᠨ ᠤ ︽ᠮᠦᠽᠧᠢ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠲᠤᠰ ᠳᠦᠷᠢᠮ ᠢ ᠲᠣᠭᠲᠠᠭᠠᠪᠠ᠃            ᠬᠤᠶᠠᠳᠤᠭᠠᠷ ᠵᠦᠢᠯ  ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠮᠦᠽᠧᠢ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ᠂ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠵᠢᠯᠯᠠᠭ᠎ᠠ ᠶᠢ ᠡᠷᠭᠢᠯᠡᠬᠦ ᠳᠤ ᠲᠣᠰ ᠳᠦᠷᠢᠮ ᠲᠣᠬᠢᠷᠠᠨ᠎ᠠ᠃          ᠲᠤᠰ ᠳᠦᠷᠢᠮ ᠳᠤ ᠬᠡᠯᠡᠵᠦ ᠪᠠᠶᠢᠭ᠎ᠠ ᠮᠦᠽᠧᠢ ᠭᠡᠳᠡᠭ ᠨᠢ ᠰᠤᠷᠭᠠᠨ ᠬᠥᠮᠥᠵᠢᠭᠦᠯᠬᠦ᠂ ᠰᠤᠳᠤᠯᠬᠤ ᠪᠠ ᠰᠣᠨᠢᠷᠬᠠᠬᠤ ᠪᠠᠷ ᠵᠣᠷᠢᠯᠭ᠎ᠠ ᠪᠣᠯᠭᠠᠵᠤ᠂ ᠬᠥᠮᠥᠨ ᠲᠥᠷᠥᠯᠬᠢᠲᠡᠨ ᠤ ᠠᠵᠢᠯᠯᠠᠭ᠎ᠠ ᠪᠠ ᠪᠠᠶᠢᠭᠠᠯᠢ ᠶᠢᠨ ᠣᠷᠴᠢᠨ ᠲᠣᠭᠤᠷᠢᠨ ᠤ ᠭᠡᠷᠡᠴᠢ ᠪᠣᠳᠠᠰ ᠢ ᠬᠤᠷᠢᠶᠠᠨ ᠬᠠᠳᠠᠭᠠᠯᠠᠵᠤ᠂ ᠬᠠᠮᠠᠭᠠᠯᠠᠬᠤ ᠶᠢᠨ ᠬᠠᠮᠲᠤ ᠣᠯᠠᠨ ᠨᠡᠶᠢᠲᠡ ᠳᠤ ᠳᠡᠯᠭᠡᠨ ᠦᠵᠡᠭᠦᠯᠵᠦ᠂ ᠳᠡᠩᠰᠡᠯᠡᠨ ᠬᠠᠮᠢᠶᠠᠷᠬᠤ ᠪᠠᠶᠢᠭᠤᠯᠭ᠎ᠠ ᠳᠤ ᠬᠠᠤᠯᠢ ᠶᠣᠰᠣᠭᠠᠷ ᠳᠠᠩᠰᠠᠯᠠᠭᠤᠯᠤᠭᠰᠠᠨ ᠠᠰᠢᠭ ᠬᠤᠨᠵᠢᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢ ᠵᠢᠭᠠᠨ᠎ᠠ᠂ ᠡᠭᠦᠨ ᠳᠤ ᠡᠯ᠎ᠡ ᠲᠥᠷᠥᠯ ᠤᠨ ᠮᠦᠽᠧᠢ᠂ ᠳᠤᠷᠠᠰᠬᠠᠯ ᠤᠨ ᠣᠷᠳᠣᠨ᠂ ᠦᠵᠡᠰᠬᠦᠯᠡᠩ ᠤᠨ ᠣᠷᠳᠣᠨ᠂ ᠳᠡᠯᠭᠡᠨ ᠦᠵᠡᠭᠦᠯᠬᠦ ᠲᠠᠩᠬᠢᠮ ᠵᠡᠷᠭᠡ ᠪᠠᠭᠲᠠᠨ᠎ᠠ᠃            ᠭᠤᠷᠪᠠᠳᠤᠭᠠᠷ ᠵᠦᠢᠯ  ᠮᠦᠽᠧᠢ ᠶᠢᠨ ᠦᠢᠯᠡᠰ ᠢ ᠬᠥᠭᠵᠢᠭᠦᠯᠬᠦ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠨᠡᠶᠢᠭᠡᠮ ᠠᠴᠠ ᠣᠷᠣᠯᠴᠠᠬᠤ᠂ ᠨᠡᠭᠡᠭᠡᠯᠲᠡ ᠲᠠᠢ ᠬᠠᠮᠲᠤᠪᠠᠷ ᠡᠳ᠋ᠯᠡᠬᠦ᠂ ᠤᠯᠠᠨ ᠲᠦᠮᠡᠨ ᠳᠤ ᠦᠢᠯᠡᠴᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃            ᠳᠥᠷᠪᠡᠳᠦᠭᠡᠷ ᠵᠦᠢᠯ  ᠮᠦᠽᠧᠢ ᠶᠢᠨ ᠦᠢᠯᠡᠰ ᠢ ᠬᠥᠭᠵᠢᠭᠦᠯᠬᠦ ᠳᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠰᠣᠶᠣᠯ ᠦᠵᠡᠰᠬᠦᠯᠡᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃            ᠲᠠᠪᠤᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠦᠽᠧᠢ ᠶᠢᠨ ᠦᠢᠯᠡᠰ ᠤᠨ ᠬᠥᠭᠵᠢᠯᠲᠡ ᠶᠢ ᠬᠠᠷᠢᠭᠤᠴᠠᠨ᠎ᠠ᠃            ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠦᠽᠧᠢ ᠶᠢᠨ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃            ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠯᠪᠣᠭᠳᠠᠯ ᠪᠦᠬᠦᠢ ᠮᠦᠽᠧᠢ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃            ᠬᠤᠶᠠᠳᠤᠭᠠᠷ ᠪᠦᠯᠦᠭ   ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ          ᠵᠢᠷᠭᠤᠳᠤᠭᠠᠷ ᠵᠦᠢᠯ  ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ᠬᠠᠮᠲᠤᠷᠠᠨ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃            ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠤᠷᠤᠭᠤᠯᠬᠤ ᠬᠡᠷᠡᠭᠲᠡᠢ᠃            ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠥᠪᠰᠢᠶᠡᠷᠡᠭᠦᠯᠦᠭᠰᠡᠨ ᠤ ᠲᠡᠷᠠᠭ᠎ᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ︔ ᠦᠨᠡᠨᠬᠦ ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ ᠬᠢᠨᠠᠨ ᠵᠥᠪᠰᠢᠶᠡᠷᠡᠭᠦᠯᠬᠦ ᠲᠠᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃      ᠳᠣᠯᠣᠳᠤᠭᠠᠷ ᠵᠦᠢᠯ  ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠬᠤ ᠳᠠᠭᠠᠨ ᠲᠤᠰ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠬᠠᠳᠠᠭᠠᠯᠮᠠᠯ ᠡᠳ᠋ ᠤᠨ ᠡᠬᠢ ᠪᠠᠶᠠᠯᠢᠭ᠂ ᠰᠣᠶᠣᠯ ᠤᠨ ᠣᠨᠴᠠᠯᠢᠭ ᠪᠠ ᠣᠯᠠᠨ ᠨᠡᠶᠢᠲᠡ ᠶᠢᠨ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠦᠨᠳᠦᠰᠦᠯᠡᠵᠦ᠂ ᠮᠦᠽᠧᠢ ᠶᠢᠨ ᠦᠢᠯᠡᠰ ᠤᠨ ᠬᠥᠭᠵᠢᠯᠲᠡ ᠶᠢᠨ ᠴᠢᠭᠯᠡᠯ᠂ ᠲᠤᠭ᠎ᠠ ᠬᠡᠮᠵᠢᠶ᠎ᠡ᠂ ᠲᠥᠷᠥᠯ ᠵᠦᠢᠯ᠂ ᠬᠡᠪᠴᠢᠶ᠎ᠡ ᠪᠠ ᠪᠠᠶᠢᠷᠢᠰᠢᠭᠤᠯᠤᠯᠲᠠ ᠵᠡᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠣᠰ ᠬᠤᠲᠠ ᠶᠢᠨ ᠮᠦᠽᠧᠢ ᠳᠤ ᠥᠪᠡᠷᠮᠢᠴᠡ ᠪᠠᠶᠢᠭᠠᠯᠢ ᠶᠢᠨ ᠪᠠ ᠲᠡᠦᠬᠡ ᠰᠣᠶᠣᠯ ᠤᠨ ᠡᠬᠢ ᠪᠠᠶᠠᠯᠢᠭ ᠢ ᠭᠦᠢᠴᠡᠳ ᠳᠡᠯᠭᠡᠨ ᠦᠵᠡᠭᠦᠯᠵᠦ᠂ ᠲᠣᠰ ᠬᠤᠲᠠ ᠶᠢᠨ ᠣᠨᠴᠠᠯᠢᠭ ᠲᠠᠢ ᠮᠦᠽᠧᠢ ᠶᠢᠨ ᠰᠢᠰᠲ᠋ᠧᠮᠵᠢ ᠶᠢ ᠪᠠᠶᠢᠭᠤᠯᠤᠨ᠎ᠠ᠃            ᠨᠠᠢᠮᠠᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠯ᠎ᠡ ᠲᠥᠷᠥᠯ ᠤᠨ ᠮᠦᠽᠧᠢ ᠶᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠢ᠃            ᠨᠥᠬᠦᠴᠡᠯ ᠲᠠᠢ  ᠬᠤᠰᠢᠭᠤ ᠰᠢᠶᠠᠨ ᠲᠣᠭᠤᠷᠢᠭ ᠨᠢ ᠲᠣᠰ ᠭᠠᠵᠠᠷ ᠣᠷᠣᠨ ᠤ ᠪᠠᠶᠢᠭᠠᠯᠢ  ᠭᠠᠵᠠᠷ ᠵᠦᠢ᠂ ᠲᠡᠦᠬᠡ ᠰᠣᠶᠣᠯ᠂ ᠲᠡᠦᠬᠡ ᠶᠢᠨ ᠳᠤᠷᠠᠰᠬᠠᠯᠲᠤ ᠵᠦᠢᠯ ᠡᠷᠲᠡᠨ ᠤ ᠪᠠᠭᠤᠷᠢ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠵᠡᠷᠭᠡ ᠡᠬᠢ ᠪᠠᠶᠠᠯᠢᠭ ᠲᠠᠢ ᠪᠠᠨ ᠤᠶᠠᠯᠳᠤᠭᠤᠯᠤᠨ᠂ ᠤᠯᠤᠰ ᠤᠨ ᠥᠮᠴᠢᠯᠡᠯᠲᠦ ᠮᠦᠽᠧᠢ ᠪᠠᠶᠢᠭᠤᠯᠬᠤ ᠬᠡᠷᠡᠭᠲᠡᠢ᠃           ᠶᠢᠰᠦᠳᠦᠭᠡᠷ ᠵᠦᠢᠯ  ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ᠂ ᠲᠥᠷᠥᠯ ᠵᠦᠢᠯ ᠳᠤ ᠨᠥᠬᠦᠪᠦᠷᠢ ᠥᠭᠬᠦ᠂ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠶᠣᠰᠣᠭᠠᠷ ᠤᠯᠤᠰ ᠤᠨ ᠥᠮᠴᠢᠯᠡᠯ ᠤᠨ ᠪᠤᠰᠤ ᠮᠦᠽᠧᠢ ᠪᠠᠶᠢᠭᠤᠯᠬᠤ ᠶᠢ ᠲᠡᠮᠵᠢᠵᠤ ᠪᠣᠯᠣᠨ᠎ᠠ᠃            ᠨᠡᠶᠢᠭᠡᠮ ᠤᠨ ᠬᠦᠴᠦᠨ ᠢ ᠵᠣᠷᠢᠭᠵᠢᠭᠤᠯᠤᠨ ᠳᠡᠮᠵᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠭᠤᠷᠢ᠂ ᠲᠡᠦᠬᠡ ᠶᠢᠨ ᠪᠠᠷᠢᠯᠭ᠎ᠠ᠂ ᠠᠵᠤ ᠦᠢᠯᠡᠳᠪᠦᠷᠢ ᠶᠢᠨ ᠥᠪ᠂ ᠲᠠᠷᠢᠶᠠᠯᠠᠩ ᠤᠨ ᠥᠪ᠂ ᠬᠤᠪᠢᠰᠬᠠᠯ ᠤᠨ ᠪᠠᠭᠤᠷᠢ᠂ ᠰᠣᠶᠣᠯ ᠤᠨ ᠦᠵᠡᠮᠵᠢ ᠪᠠ ᠪᠣᠳᠠᠰ ᠤᠨ ᠪᠤᠰᠤ ᠰᠣᠶᠣᠯ ᠤᠨ ᠥᠪ ᠵᠡᠷᠭᠡ ᠳᠤ ᠲᠦᠰᠢᠭᠯᠡᠨ᠂ ᠭᠤᠣᠯ ᠰᠡᠳᠦᠪ ᠨᠢ ᠳᠣᠪᠤᠶᠢᠭᠰᠠᠨ᠂ ᠣᠨᠴᠠᠯᠢᠭ ᠢᠶᠠᠷ ᠢᠯᠡ ᠲᠣᠳᠣ᠂ ᠤᠯᠠᠮᠵᠢᠯᠠᠨ ᠵᠠᠯᠭᠠᠮᠵᠢᠯᠠᠬᠤ ᠴᠢᠬᠤᠯᠠ ᠦᠨ᠎ᠡ ᠥᠷᠲᠡᠭ ᠲᠠᠢ ᠣᠨᠴᠠᠯᠢᠭᠲᠤ ᠮᠦᠽᠧᠢ ᠶᠢ ᠬᠠᠤᠯᠢ ᠶᠣᠰᠣᠭᠠᠷ ᠪᠠᠶᠢᠭᠤᠯᠤᠨ᠎ᠠ᠃             ᠠᠷᠪᠠᠳᠤᠭᠠᠷ ᠵᠦᠢᠯ  ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠮᠦᠽᠧᠢ ᠶᠢ ᠨᠡᠪᠴᠢᠭᠦᠯᠦᠨ ᠪᠣᠶᠢᠵᠢᠭᠤᠯᠵᠤ᠂ ᠮᠦᠽᠧᠢ ᠶᠢᠨ ᠬᠡᠰᠡᠭ ᠴᠢᠳᠠᠪᠤᠷᠢ ᠶᠢ ᠪᠦᠷᠢᠳᠦᠭᠦᠯᠦᠭᠰᠡᠨ᠂ ᠪᠦᠷᠢᠳᠬᠡᠨ ᠳᠠᠩᠰᠠᠯᠠᠭᠤᠯᠬᠤ ᠨᠥᠬᠦᠴᠡᠯ ᠳᠤ ᠬᠠᠷᠠᠬᠠᠨ ᠬᠥᠷᠥᠭᠡᠳᠥᠢ ᠨᠡᠶᠢᠭᠡᠮ ᠤᠨ ᠪᠠᠶᠢᠭᠤᠯᠤᠮᠵᠢ ᠶᠢ ᠠᠵᠢᠯ ᠲᠥᠷᠥᠯ ᠤᠨ ᠵᠢᠯᠤᠭᠤᠳᠬᠤ ᠬᠡᠪᠴᠢᠶᠡᠨ ᠳᠤ ᠣᠷᠣᠭᠤᠯᠪᠠᠯ ᠵᠣᠬᠢᠨ᠎ᠠ᠃            ᠠᠷᠪᠠᠨ ᠨᠢᠭᠡᠳᠦᠭᠡᠷ ᠵᠦᠢᠯ  ᠮᠦᠽᠧᠢ ᠶᠢ  ᠰᠢᠨ᠎ᠡ ᠪᠠᠷ ᠪᠠᠶᠢᠭᠤᠯᠬᠤ᠂  ᠥᠭᠡᠷᠡᠴᠢᠯᠡᠨ  ᠪᠠᠶᠢᠭᠤᠯᠬᠤ᠂ ᠥᠷᠭᠡᠳᠬᠡᠨ ᠪᠠᠶᠢᠭᠤᠯᠬᠤ ᠳᠠᠭᠠᠨ ᠮᠦᠽᠧᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠵᠢᠷᠤᠮᠵᠢᠯ ᠵᠡᠷᠭᠡ ᠤᠯᠤᠰ ᠤᠨ ᠪᠠᠷᠢᠮᠵᠢᠶ᠎ᠠ ᠳᠤ ᠨᠡᠶᠢᠴᠡᠭᠦᠯᠵᠦ᠂ ᠮᠦᠽᠧᠢ ᠶᠢᠨ ᠬᠠᠳᠠᠭᠠᠯᠮᠠᠯ ᠡᠳ᠋ ᠤᠨ ᠬᠡᠮᠵᠢᠶ᠎ᠡ ᠲᠠᠢ ᠵᠣᠬᠢᠴᠠᠭᠰᠠᠨ ᠦᠵᠡᠭᠦᠯᠦᠯᠭᠡ ᠶᠢᠨ ᠲᠢᠩᠬᠢᠮ᠂ ᠬᠥᠮᠥᠷᠭᠡ ᠵᠡᠷᠭᠡ ᠲᠠᠯᠠᠪᠤᠷ ᠭᠠᠵᠠᠷ ᠢ ᠪᠠᠶᠢᠭᠤᠯᠵᠤ᠂ ᠬᠠᠳᠠᠭᠠᠯᠮᠠᠯ ᠡᠳ᠋ ᠢ ᠳᠡᠯᠭᠡᠨ ᠦᠵᠡᠭᠦᠯᠬᠦ ᠪᠠ ᠬᠠᠳᠠᠭᠠᠯᠠᠨ ᠬᠠᠮᠢᠶᠠᠷᠬᠤ ᠲᠠᠯᠠᠪᠠᠢ ᠶᠢᠨ ᠪᠦᠬᠦ ᠲᠠᠯᠠᠪᠠᠢ ᠳᠠᠬᠢ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠬᠦ ᠬᠡᠷᠡᠭᠲᠡᠢ᠃            ᠠᠷᠪᠠᠨ ᠬᠤᠶᠠᠳᠤᠭᠠᠷ ᠵᠦᠢᠯ  ᠶᠠᠮᠠᠷᠪᠠ ᠨᠢᠭᠡᠴᠢ ᠪᠠ  ᠬᠤᠪᠢ  ᠬᠥᠮᠥᠨ ᠮᠦᠽᠧᠢ ᠶᠢ ᠳᠤᠷ᠎ᠠ ᠪᠠᠷ ᠢᠶᠠᠨ  ᠨᠤᠷᠠᠭᠠᠵᠤ ᠪᠣᠯᠬᠤ ᠦᠭᠡᠢ᠂ ᠮᠦᠽᠧᠢ ᠶᠢᠨ ᠴᠢᠳᠠᠪᠤᠷᠢ᠂ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ   ᠪᠤᠶᠤ ᠲᠡᠭᠦᠨ ᠤ ᠬᠡᠪ ᠤᠨ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠂ ᠮᠦᠽᠧᠢ ᠶᠢᠨ ᠬᠠᠤᠯᠢ ᠶᠣᠰᠣᠭᠠᠷ ᠬᠠᠮᠢᠶᠠᠷᠴᠤ ᠬᠡᠷᠡᠭᠯᠡᠵᠦ ᠪᠠᠶᠢᠭ᠎ᠠ ᠡᠳ᠋ ᠬᠥᠷᠥᠩᠭᠡ ᠶᠢ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠃            ᠤᠷᠢᠳᠠᠪᠠᠷ ᠪᠦᠲᠦᠭᠡᠨ ᠪᠠᠶᠢᠭᠤᠯᠵᠤ ᠲᠠᠷᠠᠭ᠎ᠠ ᠨᠢ ᠨᠤᠷᠠᠭᠠᠬᠤ ᠵᠠᠷᠴᠢᠮ ᠢ ᠪᠠᠷᠢᠮᠲᠠᠯᠠᠨ᠎ᠠ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠠᠴᠠ ᠪᠣᠯᠵᠤ ᠮᠦᠽᠧᠢ ᠶᠢ ᠦᠨᠡᠬᠡᠷ ᠨᠤᠷᠠᠭᠠᠬᠤ ᠪᠤᠶᠤ ᠲᠡᠭᠦᠨ ᠤ ᠴᠢᠳᠠᠪᠤᠷᠢ᠂ ᠬᠡᠷᠡᠭᠴᠡᠭᠡ ᠶᠢ ᠬᠤᠪᠢᠷᠠᠭᠤᠯᠬᠤ ᠴᠢᠬᠤᠯᠠᠲᠠᠢ ᠪᠣᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠡᠬᠢᠠ ᠪᠠᠶᠢᠭᠤᠯᠬᠤ ᠪᠤᠶᠤ ᠨᠡᠭᠦᠯᠭᠡᠨ ᠪᠠᠶᠢᠭᠤᠯᠬᠤ ᠬᠡᠷᠡᠭᠲᠡᠢ᠃ ᠲᠡᠬᠢᠠ ᠪᠠᠶᠢᠭᠤᠯᠤᠭᠰᠠᠨ ᠪᠤᠶᠤ ᠨᠡᠭᠦᠯᠭᠡᠨ ᠪᠠᠶᠢᠭᠤᠯᠤᠭᠰᠠᠨ ᠮᠦᠽᠧᠢ ᠶᠢᠨ ᠪᠡᠯᠡᠳᠬᠡᠮᠵᠢ ᠶᠢᠨ ᠲᠣᠬᠢᠷᠠᠭᠤᠯᠤᠯᠲᠠ᠂ ᠪᠠᠷᠢᠯᠭ᠎ᠠ ᠶᠢᠨ ᠲᠡᠯᠡᠪᠡᠢ᠂ ᠦᠵᠡᠭᠦᠯᠦᠯᠭᠡ ᠶᠢᠨ ᠲᠢᠩᠬᠢᠮ ᠤᠨ ᠲᠡᠯᠡᠪᠡᠢ ᠵᠡᠷᠭᠡ ᠶᠢ ᠤᠤᠯ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃            ᠠᠷᠪᠠᠨ ᠭᠤᠷᠪᠠᠳᠤᠭᠠᠷ ᠵᠦᠢᠯ  ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠪᠡᠭᠡᠵᠢᠩ ᠲᠢᠶᠠᠨᠵᠢᠨ ᠾᠧᠪᠧᠢ ᠪᠣᠯᠣᠨ ᠥᠪᠥᠷ ᠮᠣᠩᠭᠤᠯ ᠤᠨ ᠬᠠᠮᠵᠢᠯᠴᠠᠨ ᠬᠥᠭᠵᠢᠬᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠢᠴᠢ ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠤᠨ ᠴᠢᠬᠤᠯᠠ ᠶᠡᠭᠡ ᠰᠣᠶᠣᠯ ᠤᠨ ᠢᠨᠵᠧᠨᠧᠷᠢᠩ ᠲᠠᠢ ᠬᠠᠮᠵᠢᠯᠴᠠᠵᠤ᠂ ᠮᠦᠽᠧᠢ ᠶᠢᠨ ᠡᠬᠢ ᠪᠠᠶᠠᠯᠢᠭ ᠢ ᠨᠡᠶᠢᠳᠬᠡᠬᠦ ᠪᠠ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠬᠤ ᠬᠡᠷᠡᠭᠲᠡᠢ᠃          ᠭᠤᠷᠪᠠᠳᠤᠭᠠᠷ ᠪᠦᠯᠦᠭ   ᠬᠠᠮᠢᠶᠠᠷᠤᠯᠲᠠ ᠬᠢᠭᠡᠳ ᠦᠢᠯᠡᠴᠢᠯᠡᠭᠡ            ᠠᠷᠪᠠᠨ ᠳᠥᠷᠪᠡᠳᠦᠭᠡᠷ  ᠵᠦᠢᠯ ᠮᠦᠽᠧᠢ ᠶᠢ ᠬᠠᠤᠯᠢ ᠶᠣᠰᠣᠭᠠᠷ ᠪᠠᠶᠢᠭᠤᠯᠵᠤ᠂ ᠬᠤᠪᠢᠷᠠᠭᠤᠯᠵᠤ᠂ ᠲᠡᠭᠦᠰᠬᠡᠬᠦ ᠶᠢᠨ ᠬᠠᠮᠲᠤ ᠬᠠᠤᠯᠢ ᠶᠣᠰᠣᠭᠠᠷ ᠪᠦᠷᠢᠳᠬᠡᠵᠦ ᠳᠠᠩᠰᠠᠯᠠᠭᠤᠯᠬᠤ ᠬᠡᠷᠡᠭᠲᠡᠢ᠃            ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠮᠦᠽᠧᠢ ᠪᠠᠶᠢᠭᠤᠯᠬᠤ ᠪᠠᠷ ᠭᠤᠶᠤᠴᠢᠯᠠᠭᠰᠠᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠠᠷᠠᠳ ᠢᠷᠭᠡᠳ ᠵᠡᠷᠭᠡ ᠳᠤ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠬᠤ ᠬᠡᠷᠡᠭᠲᠡᠢ᠃          ᠠᠷᠪᠠᠨ ᠲᠠᠪᠤᠳᠤᠭᠠᠷ ᠵᠦᠢᠯ  ᠮᠦᠽᠧᠢ ᠨᠢ ᠬᠠᠤᠯᠢ ᠶᠢᠨ ᠡᠷᠬᠡᠲᠡᠨ ᠵᠠᠰᠠᠬᠤ ᠪᠦᠲᠦᠴᠡ ᠶᠢ ᠬᠠᠤᠯᠢ ᠶᠣᠰᠣᠭᠠᠷ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠨᠥᠬᠦᠴᠡᠯ ᠪᠦᠷᠢᠳᠦᠭᠰᠡᠨ ᠮᠦᠽᠧᠢ ᠳᠤ ᠬᠡᠷᠡᠭ ᠡᠷᠬᠢᠯᠡᠭᠴᠢᠳ ᠤᠨ ᠬᠤᠷᠠᠯ ᠪᠠᠶᠢᠭᠤᠯᠵᠤ᠂ ᠡᠷᠬᠡ ᠬᠠᠷᠢᠭᠤᠴᠠᠯᠭ᠎ᠠ ᠨᠢ ᠠᠳᠠᠯᠢ ᠲᠡᠭᠰᠢ᠂ ᠠᠵᠢᠯᠯᠠᠭᠠᠨ ᠨᠢ ᠵᠣᠬᠢᠴᠠᠩᠭᠤᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠤᠶᠤ ᠬᠢᠨᠠᠯᠲᠠ ᠲᠠᠯᠪᠢᠵᠤ ᠵᠥᠪᠯᠡᠯᠭᠡ ᠥᠭᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃            ᠠᠷᠪᠠᠨ ᠵᠢᠷᠭᠤᠳᠤᠭᠠᠷ ᠵᠦᠢᠯ  ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠦᠽᠧᠢ ᠶᠢ ᠣᠨᠴᠠᠯᠢᠭ ᠲᠠᠢ ᠬᠥᠭᠵᠢᠭᠦᠯᠵᠦ᠂ ᠣᠯᠠᠨ ᠶᠠᠩᠵᠤ ᠶᠢᠨ ᠭᠤᠣᠯ ᠴᠣᠭᠴᠠ ᠲᠠᠢ᠂ ᠰᠢᠯᠢᠳᠡᠭ ᠪᠦᠲᠦᠴᠡ ᠲᠠᠢ᠂ ᠢᠯᠡ ᠲᠣᠳᠣ ᠣᠨᠴᠠᠯᠢᠭ ᠲᠠᠢ᠂ ᠠᠮᠢᠵᠢᠷᠠᠯ ᠤᠨ ᠬᠦᠴᠦᠨ ᠪᠢᠯᠬᠠᠮ᠎ᠠ ᠪᠠᠶᠢᠷᠢᠰᠢᠯ ᠶᠣᠰᠣᠭᠠᠷ᠂ ᠮᠦᠽᠧᠢ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠨ᠂ ᠰᠣᠶᠣᠯ ᠦᠵᠡᠰᠬᠦᠯᠡᠩ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ᠂ ᠮᠦᠽᠧᠢ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃            ᠠᠷᠪᠠᠨ ᠳᠣᠯᠣᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠦᠽᠧᠢ ᠶᠢᠨ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠮᠦᠽᠧᠢ ᠶᠢᠨ ᠲᠡᠰ ᠳᠡᠪᠰᠢᠬᠦ ᠶᠢ ᠳᠡᠮᠵᠢᠬᠦ ᠪᠠ ᠵᠢᠯᠤᠭᠤᠳᠴᠤ᠂ ᠤᠯᠤᠰ ᠤᠨ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠤᠨ ᠮᠦᠽᠧᠢ ᠶᠢᠨ ᠲᠡᠰ ᠤᠨ ᠦᠨᠡᠯᠡᠨ ᠵᠢᠱᠢᠯᠲᠡ ᠶᠢ ᠭᠤᠶᠤᠴᠢᠯᠠᠪᠠᠯ ᠵᠣᠬᠢᠨ᠎ᠠ︔ ᠨᠥᠬᠦᠴᠡᠯ ᠳᠤ ᠨᠡᠶᠢᠴᠡᠬᠦ ᠮᠦᠽᠧᠢ ᠶᠢ ᠤᠯᠤᠰ ᠤᠨ ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠨ ᠵᠢᠯᠤᠭᠤᠳᠴᠤ᠂ ᠮᠦᠽᠧᠢ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃          ᠠᠷᠪᠠᠨ ᠨᠠᠢᠮᠠᠳᠤᠭᠠᠷ ᠵᠦᠢᠯ  ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠦᠽᠧᠢ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠯᠤᠭᠤᠳᠬᠤ ᠬᠡᠷᠡᠭᠲᠡᠢ᠃          ᠮᠦᠽᠧᠢ ᠶᠢᠨ ᠠᠵᠢᠯ ᠲᠥᠷᠥᠯ ᠤᠨ ᠵᠣᠬᠢᠶᠠᠨ  ᠪᠠᠶᠢᠭᠤᠯᠤᠯᠲᠠ ᠨᠤᠭᠤᠳ ᠰᠢᠨ᠎ᠡ  ᠬᠥᠭᠵᠢᠯᠲᠡ ᠶᠢᠨ ᠣᠨᠣᠯᠵᠢᠬᠤᠨ ᠢ  ᠪᠠᠷᠢᠮᠲᠠᠯᠠᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠬᠠᠤᠯᠢ ᠶᠣᠰᠣᠭᠠᠷ  ᠲᠣᠭᠲᠠᠭᠠᠵᠤ᠂ ᠠᠵᠢᠯ  ᠲᠥᠷᠥᠯ ᠤᠨ ᠥᠪᠡᠷ ᠢ ᠪᠠᠨ  ᠱᠠᠭᠠᠷᠳᠠᠬᠤ ᠶᠢ ᠠᠬᠢᠭᠤᠯᠬᠤ ᠬᠡᠷᠡᠭᠲᠡᠢ᠃            ᠠᠷᠪᠠ ᠶᠢᠰᠦᠳᠦᠭᠡᠷ ᠵᠦᠢᠯ  ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠬᠤᠳᠠ ᠶᠢᠨ ᠮᠦᠽᠧᠢ ᠶᠢᠨ ᠨᠡᠷᠡᠰ ᠢ ᠨᠡᠶᠢᠲᠡᠯᠡᠬᠦ ᠬᠡᠷᠡᠭᠲᠡᠢ᠃ ᠮᠦᠽᠧᠢ ᠶᠢᠨ ᠨᠡᠷᠡᠰ ᠲᠤ ᠮᠦᠽᠧᠢ ᠶᠢᠨ ᠨᠡᠷ᠎ᠡ᠂ ᠬᠠᠶ᠋ᠢᠭ᠂ ᠵᠡᠷᠭᠡ ᠳᠡᠰ᠂ ᠳᠦᠷᠦᠯ ᠢᠯᠭᠠᠯ ᠵᠡᠷᠭᠡ ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ᠃            ᠬᠤᠷᠢᠳᠤᠭᠠᠷ ᠵᠦᠢᠯ  ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠮᠦᠽᠧᠢ ᠶᠢᠨ ᠲᠡᠮᠳᠡᠭ ᠢ ᠵᠠᠮ ᠤᠨ ᠲᠡᠮᠳᠡᠭ᠂ ᠵᠠᠮ ᠤᠨ ᠫᠠᠶᠢᠰᠠ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠭᠠᠵᠠᠷ ᠤᠨ ᠵᠢᠷᠤᠭ᠂ ᠳᠠᠭᠠᠭᠤᠯᠢ ᠣᠳᠣᠨ ᠤ ᠵᠠᠮᠴᠢᠯᠠᠭᠤᠷ ᠵᠡᠷᠭᠡ ᠬᠤᠳᠠ ᠶᠢᠨ ᠲᠡᠮᠳᠡᠭ ᠤᠨ ᠰᠢᠰᠲ᠋ᠧᠮ ᠳᠤ ᠣᠷᠣᠭᠤᠯᠬᠤ ᠬᠡᠷᠡᠭᠲᠡᠢ᠃            ᠬᠤᠷᠢᠨ ᠨᠢᠭᠡᠳᠦᠭᠡᠷ ᠵᠦᠢᠯ  ᠮᠦᠽᠧᠢ ᠨᠦᠭᠦᠳ ᠬᠥᠮᠥᠷᠭᠡ ᠶᠢᠨ ᠬᠠᠮᠢᠶᠠᠷᠤᠯᠲᠠ ᠪᠠ  ᠬᠠᠳᠠᠭᠠᠯᠮᠠᠯ ᠡᠳ᠋ ᠤᠨ ᠠᠶᠤᠯᠭᠦᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠶᠢᠨ ᠮᠡᠷᠭᠡᠵᠢᠯ ᠤᠨ ᠰᠡᠷᠭᠡᠶᠢᠯᠡᠯᠲᠡ ᠪᠠ ᠭᠠᠯ ᠰᠡᠷᠭᠡᠶᠢᠯᠡᠵᠦ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠶᠤᠨᠴᠢ ᠬᠠᠮᠢᠶᠠᠷᠤᠯᠲᠠ᠂ ᠣᠶᠤᠨᠴᠢ ᠬᠠᠮᠠᠭᠠᠯᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠪᠡᠯᠡᠳᠬᠡᠮᠵᠢ ᠵᠢᠴᠢ ᠣᠯᠠᠨ ᠨᠡᠶᠢᠲᠡ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠦᠨᠡᠯᠡᠯᠲᠡ ᠶᠢ ᠥᠷᠨᠢᠭᠦᠯᠦᠨ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠪᠠ ᠠᠵᠢᠯᠲᠠᠨ ᠢ ᠬᠠᠤᠯᠢ ᠶᠣᠰᠣᠭᠠᠷ ᠲᠣᠬᠢᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃            ᠬᠤᠷᠢᠨ ᠬᠤᠶᠠᠳᠤᠭᠠᠷ ᠵᠦᠢᠯ  ᠮᠦᠽᠧᠢ ᠠᠴᠠ ᠬᠠᠳᠠᠭᠠᠯᠮᠠᠯ ᠡᠳ᠋ ᠢ ᠰᠤᠳᠤᠯᠵᠤ ᠲᠣᠳᠣᠷᠬᠠᠶᠢᠯᠠᠨ ᠲᠠᠶᠢᠯᠪᠤᠷᠢᠯᠠᠬᠤ ᠪᠠ ᠳᠡᠯᠭᠡᠨ ᠦᠵᠡᠭᠦᠯᠵᠦ ᠤᠯᠠᠮᠵᠢᠯᠠᠨ ᠳᠠᠮᠵᠢᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠠᠳᠠᠭᠠᠯᠮᠠᠯ ᠡᠳ᠋ ᠲᠤ ᠠᠭᠤᠯᠤᠭᠳᠠᠵᠤ ᠪᠠᠶᠢᠭ᠎ᠠ ᠲᠡᠦᠬᠡ ᠶᠢᠨ ᠦᠨ᠎ᠡ ᠦᠷᠳᠡᠭ᠂ ᠰᠣᠶᠣᠯ ᠤᠨ ᠦᠨ᠎ᠡ ᠦᠷᠳᠡᠭ᠂ ᠤᠷᠠᠯᠢᠭ ᠤᠨ ᠦᠨ᠎ᠡ ᠦᠷᠳᠡᠭ᠂ ᠰᠢᠨᠵᠢᠯᠡᠬᠦ ᠤᠬᠠᠭᠠᠨ ᠤ ᠦᠨ᠎ᠡ ᠦᠷᠳᠡᠭ᠂ ᠰᠤᠷᠭᠠᠨ ᠬᠥᠮᠦᠵᠢᠯ ᠤᠨ ᠦᠨ᠎ᠡ ᠦᠷᠳᠡᠭ ᠪᠠ ᠴᠠᠭ ᠦᠶ᠎ᠡ ᠶᠢᠨ ᠦᠨ᠎ᠡ ᠦᠷᠳᠡᠭ ᠢ ᠳᠡᠯᠭᠡᠨ ᠦᠵᠡᠭᠦᠯᠬᠦ ᠬᠡᠷᠡᠭᠲᠡᠢ᠃ ᠣᠷᠣᠨ ᠤ ᠲᠥᠪ ᠤᠨ ᠲᠡᠦᠬᠡ ᠰᠣᠶᠣᠯ ᠤᠨ ᠰᠤᠳᠠᠰᠤ ᠶᠢ ᠭᠦᠨᠵᠡᠭᠡᠢ ᠠᠭᠤᠳᠠᠯᠵᠤ᠂ ᠬᠠᠳᠠᠭᠠᠯᠮᠠᠯ ᠡᠳ᠋ ᠢ ᠬᠥᠮᠥᠷᠭᠡ ᠠᠴᠠ ᠭᠠᠷᠭᠠᠵᠤ᠂ ᠦᠵᠡᠭᠦᠯᠦᠯᠭᠡ ᠶᠢᠨ ᠲᠢᠩᠬᠢᠮ ᠳᠤ ᠣᠷᠣᠭᠤᠯᠵᠤ᠂ ᠣᠯᠠᠨ ᠲᠦᠮᠡᠨ ᠳᠤ ᠣᠶᠢᠷᠠᠲᠤᠭᠤᠯᠵᠤ᠂ ᠮᠦᠽᠧᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠠᠳᠠᠭᠠᠯᠮᠠᠯ ᠡᠳ᠋ ᠢ ᠳᠡᠯᠭᠡᠨ ᠦᠵᠡᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃            ᠮᠦᠽᠧᠢ ᠳᠡᠯᠭᠡᠨ ᠦᠵᠡᠭᠦᠯᠬᠦ ᠦᠵᠡᠭᠦᠯᠦᠯᠭᠡ ᠡᠷᠬᠢᠯᠡᠬᠦ ᠳᠡᠭᠡᠨ ᠵᠥᠪ ᠣᠨᠣᠪᠴᠢᠲᠠᠢ᠂ ᠳᠦᠷᠢᠮᠵᠢᠭᠰᠡᠨ ᠦᠰᠦᠭ ᠪᠢᠴᠢᠭ ᠤᠨ ᠲᠣᠳᠣᠷᠬᠠᠶᠢᠯᠠᠯᠲᠠ ᠪᠠ ᠲᠠᠶᠢᠯᠪᠤᠷᠢᠯᠠᠬᠤ ᠦᠭᠡ ᠬᠠᠩᠭᠠᠬᠤ ᠬᠡᠷᠡᠭᠲᠡᠢ᠃            ᠬᠤᠷᠢᠨ ᠭᠤᠷᠪᠠᠳᠤᠭᠠᠷ ᠵᠦᠢᠯ  ᠮᠦᠽᠧᠢ ᠶᠢᠨ ᠣᠯᠠᠨ ᠨᠡᠶᠢᠲᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠯᠲᠡ ᠬᠢᠬᠦ ᠶᠢ ᠵᠣᠷᠢᠭᠵᠢᠭᠤᠯᠤᠨ᠎ᠠ᠃ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤᠯᠠᠨ ᠨᠡᠶᠢᠳᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠮᠦᠽᠧᠢ ᠳᠤ ᠴᠢᠬᠤᠯᠠ ᠪᠦᠬᠦᠢ ᠵᠠᠷᠤᠳᠠᠯ ᠤᠨ ᠳᠡᠮᠵᠢᠯᠭᠡ ᠦᠵᠡᠭᠦᠯᠬᠦ ᠬᠡᠷᠡᠭᠲᠡᠢ᠃          ᠮᠦᠽᠧᠢ  ᠰᠦᠢᠳᠬᠡᠯ ᠬᠤᠷᠢᠶᠠᠬᠤ ᠦᠭᠡᠢ ᠪᠠᠷ  ᠨᠡᠭᠡᠭᠡᠯᠲᠡ  ᠬᠢᠬᠦ ᠶᠢ ᠬᠡᠷᠡᠭᠵᠢᠭᠦᠯᠦᠭᠰᠡᠨ  ᠦᠭᠡᠢ ᠪᠣᠯ᠂ ᠲᠡᠭᠦᠨ ᠤ ᠡᠭᠦᠳᠡᠨ ᠪᠢᠯᠧᠲ᠂ ᠰᠦᠢᠳᠬᠡᠯ ᠬᠤᠷᠢᠶᠠᠬᠤ ᠵᠦᠢᠯᠡᠰ ᠪᠠ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠭᠠᠵᠠᠷ ᠤᠨ ᠢᠯᠡ ᠭᠠᠵᠠᠷ ᠲᠤ ᠨᠡᠶᠢᠲᠡᠯᠡᠬᠦ ᠬᠡᠷᠡᠭᠲᠡᠢ᠃            ᠮᠦᠽᠧᠢ ᠰᠦᠢᠳᠬᠡᠯ ᠬᠤᠷᠢᠶᠠᠬᠤ ᠦᠭᠡᠢ  ᠪᠠᠷ ᠨᠡᠭᠡᠭᠡᠯᠲᠡ  ᠬᠢᠬᠦ ᠶᠢ  ᠬᠡᠷᠡᠭᠵᠢᠭᠦᠯᠦᠭᠰᠡᠨ ᠦᠭᠡᠢ ᠪᠣᠯ᠂ ᠨᠠᠰᠤᠨ ᠳᠤ ᠥᠯᠥ ᠬᠦᠷᠦᠭᠰᠡᠦᠠ᠂ ᠨᠠᠰᠤᠨ ᠳᠤ ᠬᠦᠷᠦᠭᠰᠡᠨ ᠰᠤᠷᠤᠭᠴᠢ᠂ ᠪᠠᠭᠰᠢ᠂ ᠨᠠᠰᠤᠲᠠᠶᠢᠴᠤᠳ᠂ ᠵᠡᠮᠳᠡᠭᠴᠦᠳ ᠪᠠ ᠴᠡᠷᠢᠭ ᠤᠨ ᠬᠥᠮᠥᠨ ᠠᠴᠠ ᠰᠦᠢᠳᠬᠡᠯ ᠬᠤᠷᠢᠶᠠᠬᠤ ᠦᠭᠡᠢ ᠪᠤᠶᠤ ᠪᠤᠰᠤᠳ ᠬᠠᠷᠠᠭᠠᠯᠵᠠᠯ ᠦᠵᠡᠭᠦᠯᠬᠦ ᠬᠡᠷᠡᠭᠲᠡᠢ᠃ ᠮᠦᠽᠧᠢ ᠠᠴᠠ ᠬᠠᠷᠠᠭᠠᠯᠵᠠᠯ ᠦᠵᠡᠭᠦᠯᠬᠦ ᠵᠦᠢᠯᠡᠰ ᠪᠠ ᠪᠠᠷᠢᠮᠵᠢᠶ᠎ᠠ ᠶᠢ ᠬᠡᠷᠡᠭᠵᠢᠭᠦᠯᠬᠦ ᠳᠡᠭᠡᠨ ᠤᠯᠡᠠ ᠨᠡᠶᠢᠲᠡ ᠳᠤ ᠵᠠᠷᠯᠠᠨ ᠨᠡᠶᠢᠲᠡᠯᠡᠬᠦ ᠬᠡᠷᠡᠭᠲᠡᠢ᠃            ᠬᠤᠷᠢᠨ ᠳᠥᠷᠪᠡᠳᠦᠭᠡᠷ ᠵᠦᠢᠯ  ᠮᠦᠽᠧᠢ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠬᠢᠮᠡᠯ ᠤᠶᠤᠨ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ᠂ ᠨᠡᠶᠢᠭᠡᠮ ᠤᠨ ᠰᠤᠷᠭᠠᠨ ᠬᠥᠮᠦᠵᠢᠯ ᠪᠠ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠥᠯᠥᠭᠡᠯᠡᠬᠦ ᠬᠦᠴᠦᠨ ᠪᠠ ᠤᠯᠠᠮᠵᠢᠯᠠᠨ ᠳᠠᠮᠵᠢᠭᠤᠯᠬᠤ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠢ᠃            ᠮᠦᠽᠧᠢ ᠨᠢ ᠲᠣᠭᠠᠴᠢᠯᠠᠭᠰᠠᠨ᠂ ᠣᠶᠤᠨᠴᠢᠯᠠᠭᠰᠠᠨ  ᠦᠷ᠎ᠡ ᠪᠦᠲᠦᠭᠡᠯ ᠢᠶᠠᠨ ᠳᠡᠯᠭᠡᠨ ᠦᠵᠡᠭᠦᠯᠦᠯᠭᠡ᠂ ᠰᠣᠶᠣᠯ ᠤᠨ ᠪᠦᠲᠦᠭᠡᠯᠴᠢ ᠰᠡᠳᠬᠢᠮᠵᠢ᠂ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠳᠤ ᠬᠠᠤᠯᠢ ᠶᠣᠰᠣᠭᠠᠷ ᠬᠡᠷᠡᠭᠯᠡᠵᠦ ᠪᠣᠯᠣᠨ᠎ᠠ᠃            ᠬᠤᠷᠢᠨ ᠲᠠᠪᠤᠳᠤᠭᠠᠷ ᠵᠦᠢᠯ  ᠮᠦᠽᠧᠢ ᠨᠢ ᠣᠷᠣᠨ ᠪᠦᠰᠡ ᠬᠠᠮᠵᠢᠯᠴᠠᠨ ᠰᠢᠨ᠎ᠡ ᠶᠢ ᠡᠭᠦᠳᠬᠦ᠂ ᠬᠢᠯᠢ ᠠᠯᠤᠰᠯᠠᠨ ᠬᠠᠮᠲᠤᠷᠠᠯᠴᠠᠬᠤ᠂ ᠰᠦᠯᠵᠢᠶ᠎ᠡ ᠪᠠᠷ ᠤᠯᠠᠮᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠯᠭᠡᠨ ᠦᠵᠡᠭᠦᠯᠬᠦ᠂ ᠨᠡᠶᠢᠭᠡᠮ ᠤᠨ ᠰᠤᠷᠭᠠᠨ ᠬᠥᠮᠦᠵᠢᠯ᠂ ᠥᠪᠡᠷᠮᠢᠴᠡ ᠣᠨᠴᠠᠯᠢᠭ ᠲᠠᠢ ᠬᠥᠮᠥᠨ ᠨᠡᠶᠢᠭᠡᠮ ᠤᠨ ᠠᠵᠢᠯᠯᠠᠭ᠎ᠠ ᠡᠷᠬᠢᠯᠡᠨ᠂ ᠦᠵᠡᠭᠴᠢᠳ ᠤᠨ ᠪᠦᠷᠬᠦᠴᠡ ᠶᠢ ᠥᠷᠭᠡᠳᠬᠡᠨ᠂ ᠮᠦᠽᠧᠢ ᠶᠢᠨ ᠨᠡᠶᠢᠭᠡᠮ ᠤᠨ ᠨᠥᠯᠥᠭᠡ ᠶᠢ ᠳᠡᠭᠡᠭᠰᠢᠯᠡᠭᠦᠯᠵᠦ ᠪᠣᠯᠣᠨ᠎ᠠ᠃            ᠬᠤᠷᠢᠨ ᠵᠢᠷᠭᠤᠳᠤᠭᠠᠷ ᠵᠦᠢᠯ  ᠮᠦᠽᠧᠢ ᠨᠢ ᠬᠠᠤᠯᠢ ᠶᠣᠰᠣᠭᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢ ᠵᠣᠬᠢᠶᠠᠨ ᠪᠠᠶᠢᠭᠤᠯᠤᠨ ᠮᠦᠽᠧᠢ ᠶᠢᠨ ᠤᠬᠠᠭᠤᠯᠬᠤ᠂ ᠵᠢᠯᠣᠭᠤᠳᠤᠨ ᠦᠵᠡᠭᠦᠯᠬᠦ ᠵᠡᠷᠭᠡ ᠠᠵᠢᠯ ᠳᠤ ᠣᠷᠣᠯᠴᠠᠭᠤᠯᠬᠤ ᠬᠡᠷᠡᠭᠲᠡᠢ᠃            ᠬᠤᠷᠢᠨ ᠳᠣᠯᠣᠳᠤᠭᠠᠷ ᠵᠦᠢᠯ  ᠮᠦᠽᠧᠢ ᠶᠢᠨ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠮᠦᠽᠧᠢ ᠶᠢᠨ ᠬᠤᠯᠪᠣᠭ᠎ᠠ ᠪᠠᠷ ᠲᠠᠪᠴᠠᠩ ᠪᠣᠯᠭᠠᠨ᠂ ᠡᠷᠳᠡᠮ ᠰᠢᠨᠵᠢᠯᠡᠭᠡᠨ ᠤ ᠥᠭᠦᠯᠡᠯ ᠤᠨ ᠲᠠᠪᠴᠠᠩ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠦᠵᠡᠭᠦᠯᠦᠯᠭᠡ ᠰᠣᠯᠢᠯᠴᠠᠭ᠎ᠠ᠂ ᠰᠤᠳᠤᠯᠤᠨ ᠰᠤᠷᠤᠯᠴᠠᠬᠤ ᠬᠠᠮᠲᠤᠷᠠᠯᠴᠠᠭ᠎ᠠ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠪᠠᠶᠢᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠮᠦᠽᠧᠢ ᠶᠢᠨ ᠬᠠᠮᠲᠤᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃                ᠳᠥᠷᠪᠡᠳᠦᠭᠡᠷ ᠪᠦᠯᠦᠭ   ᠪᠠᠲᠤᠯᠠᠭ᠎ᠠ ᠶᠢᠨ ᠠᠷᠭ᠎ᠠ ᠬᠡᠮᠵᠢᠶ᠎ᠡ            ᠬᠤᠷᠢᠨ ᠨᠠᠢᠮᠠᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ ᠮᠦᠽᠧᠢ ᠶᠢᠨ ᠬᠡᠪ ᠤᠨ ᠠᠵᠢᠯᠯᠠᠭᠠᠨ ᠤ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠬᠡᠷᠡᠭᠲᠡᠢ᠃            ᠬᠤᠲᠠ ᠶᠢᠨ  ᠠᠷᠠᠳ ᠤᠨ ᠵᠠᠰᠠᠭ  ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠢ ᠭᠤᠣᠯᠯᠠᠨ ᠬᠠᠮᠢᠶᠠᠷᠬᠤ  ᠰᠠᠯᠠᠭ᠎ᠠ ᠮᠥᠴᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ  ᠮᠥᠴᠢᠷ ᠲᠠᠢ  ᠬᠠᠮᠲᠤᠷᠠᠨ ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠦᠢᠯᠡᠰ ᠤᠨ ᠬᠥᠭᠵᠢᠯᠲᠡ ᠶᠢ ᠲᠡᠳᠬᠦᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ  ᠮᠡᠳᠡᠭᠦᠯᠦᠨ ᠵᠥᠪᠰᠢᠶᠡᠷᠡᠭᠦᠯᠦᠭᠰᠡᠨ  ᠤ ᠳᠠᠷᠠᠭ᠎ᠠ  ᠨᠡᠶᠢᠭᠡᠮ ᠳᠤ ᠨᠡᠶᠢᠲᠡᠯᠡᠬᠦ ᠬᠡᠷᠡᠭᠲᠡᠢ᠃            ᠬᠤᠷᠢ ᠶᠢᠰᠦᠳᠦᠭᠡᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠡᠯᠭᠡᠨ ᠦᠵᠡᠭᠦᠯᠬᠦ ᠬᠡᠪᠴᠢᠶ᠎ᠡ ᠪᠠᠷ ᠨᠡᠯᠢᠶᠡᠳ ᠶᠡᠭᠡ᠂ ᠣᠷᠣᠨ ᠨᠤᠲᠤᠭ ᠤᠨ ᠣᠨᠴᠠᠯᠢᠭ ᠢᠶᠠᠷ ᠨᠡᠯᠢᠶᠡᠳ ᠴᠢᠩᠭ᠎ᠠ᠂ ᠴᠤᠭᠯᠠᠭᠤᠯᠭ᠎ᠠ ᠶᠢᠨ ᠥᠷᠲᠡᠭ ᠨᠡᠯᠢᠶᠡᠳ ᠥᠨᠳᠥᠷ ᠤᠯᠤᠰ ᠤᠨ ᠥᠮᠴᠢᠯᠡᠯᠲᠦ ᠪᠤᠰᠤ ᠮᠦᠽᠧᠢ ᠶᠢ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡᠨ᠂ ᠬᠡᠷᠡᠭᠯᠡᠬᠦ ᠭᠠᠵᠠᠷ ᠵᠡᠷᠭᠡ ᠲᠠᠯ᠎ᠠ ᠪᠠᠷ ᠲᠡᠳᠬᠦᠬᠦ ᠡᠷᠴᠢᠮ ᠢᠶᠠᠨ ᠨᠡᠮᠡᠭᠳᠡᠭᠦᠯᠵᠦ᠂ ᠠᠷᠠᠳ ᠤᠨ ᠬᠥᠷᠥᠩᠭᠡ ᠰᠣᠶᠣᠯ ᠤᠨ ᠬᠦᠷᠢᠶᠡᠨ ᠳᠤ ᠣᠷᠣᠬᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃            ᠭᠤᠴᠢᠳᠤᠭᠠᠷ ᠵᠦᠢᠯ  ᠮᠦᠽᠧᠢ ᠶᠢᠨ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ ᠮᠦᠽᠧᠢ ᠶᠢᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃            ᠪᠠᠶᠢᠭᠠᠯᠢ ᠬᠥᠮᠥᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠪᠡᠯᠡ ᠮᠥᠩᠭᠦ᠂ ᠴᠤᠭᠯᠠᠭᠤᠯᠭ᠎ᠠ᠂ ᠪᠡᠯᠡᠳᠬᠡᠮᠵᠢ᠂ ᠲᠥᠬᠦᠭᠡᠷᠦᠮᠵᠢ ᠵᠡᠷᠭᠡ ᠡᠳ᠋ ᠬᠥᠷᠥᠩᠭᠡ ᠪᠡᠯᠡᠭᠯᠡᠨ ᠬᠦᠷᠭᠡᠬᠦ᠂ ᠡᠰᠡᠬᠦᠯ᠎ᠡ ᠴᠤᠭᠯᠠᠭᠤᠯᠭ᠎ᠠ ᠵᠢᠭᠡᠯᠡᠭᠦᠯᠬᠦ᠂ ᠳᠡᠯᠭᠡᠨ ᠦᠵᠡᠭᠦᠯᠬᠦ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠦᠽᠧᠢ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠤᠨ᠎ᠠ᠃            ᠭᠤᠴᠢᠨ ᠨᠢᠭᠡᠳᠦᠭᠡᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰᠬᠠᠢ ᠮᠡᠷᠭᠡᠵᠢᠯ ᠤᠨ ᠠᠵᠢᠯᠲᠠᠨ ᠤ ᠲᠣᠭᠲᠠᠪᠤᠷᠢᠲᠠᠢ ᠮᠦᠽᠧᠢ ᠶᠢᠨ ᠬᠠᠮᠢᠶᠠᠷᠤᠭᠴᠢ ᠶᠢᠨ ᠡᠩᠨᠡᠭᠡ ᠶᠢ ᠪᠠᠶᠢᠭᠤᠯᠵᠤ᠂ ᠴᠢᠳᠠᠪᠤᠷᠢᠲᠠᠨ ᠴᠤᠭᠯᠠᠷᠠᠭᠤᠯᠬᠤ ᠲᠣᠭᠲᠠᠴᠠ ᠶᠢ ᠥᠷᠭᠡᠳᠬᠡᠨ᠂ ᠮᠦᠽᠧᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠬᠤ ᠡᠷᠴᠢᠮ ᠢᠶᠠᠨ ᠴᠢᠩᠭᠠᠷᠠᠭᠤᠯᠵᠤ᠂ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ︔ ᠮᠦᠽᠧᠢ ᠶᠢᠨ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠰᠤᠳᠤᠯᠭᠠᠨ ᠤ ᠴᠢᠳᠠᠪᠤᠷᠢᠲᠠᠨ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠮᠦᠽᠧᠢ ᠶᠢᠨ ᠴᠢᠳᠠᠪᠤᠷᠢᠲᠠᠨ ᠨᠥᠭᠡᠴᠡᠯᠡᠬᠦ ᠬᠥᠮᠥᠷᠭᠡ ᠪᠠᠶᠢᠭᠤᠯᠬᠤ ᠬᠡᠷᠡᠭᠲᠡᠢ︔ ᠮᠦᠽᠧᠢ ᠶᠢᠨ ᠨᠡᠭᠦᠳᠡᠯ ᠠᠵᠢᠯ ᠤᠨ ᠪᠠᠶᠢᠷᠢ ᠭᠠᠷᠭᠠᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠲᠤᠰᠢᠶᠠᠯ ᠡᠭᠦᠷᠭᠡᠯᠡᠭᠦᠯᠬᠦ ᠶᠢ ᠳᠡᠮᠵᠢᠨ᠎ᠡ᠃            ᠭᠤᠴᠢᠨ ᠬᠤᠶᠠᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠦᠽᠧᠢ ᠶᠢᠨ ᠲᠤᠰᠬᠠᠢ ᠮᠡᠷᠭᠡᠵᠢᠯ ᠤᠨ ᠠᠵᠢᠯᠲᠠᠨ ᠳᠤ ᠲᠤᠰᠬᠠᠢ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠳᠤ ᠳᠡᠮᠵᠢᠯᠭᠡ ᠦᠵᠡᠭᠦᠯᠬᠦ ᠬᠡᠷᠡᠭᠲᠡᠢ᠃            ᠭᠤᠴᠢᠨ ᠭᠤᠷᠪᠠᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠦᠽᠧᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ᠂ ᠳᠡᠯᠭᠡᠨ ᠦᠵᠡᠭᠦᠯᠬᠦ ᠠᠵᠢᠯᠲᠠᠨ᠂ ᠲᠤᠰᠬᠠᠢ ᠮᠡᠷᠭᠡᠵᠢᠯ ᠤᠨ ᠠᠵᠢᠯᠲᠠᠨ᠂ ᠲᠠᠶᠢᠯᠪᠤᠷᠢᠯᠠᠭᠴᠢ ᠳᠤ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠬᠢᠵᠦ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠣᠯᠣᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃            ᠭᠤᠴᠢᠨ ᠳᠥᠷᠪᠡᠳᠦᠭᠡᠷ ᠵᠦᠢᠯ  ᠮᠦᠽᠧᠢ ᠠᠴᠠ ᠡᠯ᠎ᠡ ᠲᠥᠷᠥᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠪᠠᠶᠢᠭᠤᠯᠤᠨ᠂ ᠰᠤᠷᠭᠠᠨ ᠬᠥᠮᠦᠵᠢᠯ ᠤᠨ ᠲᠥᠯᠥᠪᠯᠡᠭᠡ᠂ ᠵᠢᠭᠠᠨ ᠰᠤᠷᠭᠠᠬᠤ ᠬᠡᠷᠡᠭᠴᠡᠭᠡ ᠱᠠᠭᠠᠷᠳᠠᠯᠭ᠎ᠠ ᠪᠣᠯᠣᠨ ᠰᠤᠳᠤᠯᠭᠠᠨ ᠤ ᠰᠡᠳᠦᠪ ᠲᠠᠢ ᠤᠶᠠᠯᠳᠤᠭᠤᠯᠵᠤ᠂ ᠮᠦᠽᠧᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠰᠤᠳᠤᠯᠤᠨ ᠰᠤᠷᠤᠯᠴᠠᠬᠤ ᠦᠢᠯᠡᠳᠦᠯᠭᠡ᠂ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃            ᠭᠤᠴᠢᠨ ᠲᠠᠪᠤᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠦᠽᠧᠢ ᠬᠢᠭᠡᠳ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠦᠽᠧᠢ ᠶᠢᠨ ᠵᠢᠭᠤᠯᠴᠢᠯᠠᠯ ᠳᠤ ᠨᠡᠭᠡᠭᠡᠯᠲᠡ ᠬᠢᠬᠦ ᠶᠢ ᠳᠡᠮᠵᠢᠵᠦ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠬᠢᠭᠡᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠰᠣᠶᠣᠯ ᠢ ᠤᠯᠠᠮᠵᠢᠯᠠᠨ ᠳᠡᠯᠭᠡᠷᠡᠭᠦᠯᠬᠦ ᠲᠠᠢ ᠵᠣᠬᠢᠴᠠᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ᠃            ᠭᠤᠴᠢᠨ ᠵᠢᠷᠭᠤᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠦᠽᠧᠢ ᠶᠢᠨ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠳᠤ ᠳᠡᠮᠵᠢᠯᠭᠡ ᠦᠵᠡᠭᠦᠯᠬᠦ ᠬᠡᠷᠡᠭᠲᠡᠢ᠃            ᠮᠦᠽᠧᠢ ᠶᠢᠨ ᠬᠠᠳᠠᠭᠠᠯᠮᠠᠯ ᠡᠳ᠋ ᠤᠨ ᠠᠭᠤᠯᠤᠭᠳᠠᠬᠤᠨ ᠢ ᠠᠭᠤᠳᠠᠯᠵᠤ᠂ ᠰᠣᠶᠣᠯ ᠤᠨ ᠪᠦᠲᠦᠭᠡᠯᠴᠢ ᠰᠡᠳᠬᠢᠮᠵᠢ᠂ ᠵᠢᠭᠤᠯᠴᠢᠯᠠᠯ  ᠵᠡᠷᠭᠡ ᠠᠵᠤ ᠦᠢᠯᠡᠰ ᠯᠦᠭᠡ  ᠤᠶᠠᠯᠳᠤᠭᠤᠯᠬᠤ ᠶᠢ ᠵᠣᠷᠢᠭᠵᠢᠭᠤᠯᠵᠤ᠂ ᠬᠠᠮᠲᠤᠷᠠᠯᠴᠠᠬᠤ᠂ ᠨᠠᠶᠢᠳᠠᠬᠤ᠂  ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠎ᠠ᠃            ᠭᠤᠴᠢᠨ ᠳᠣᠯᠣᠳᠤᠭᠠᠷ ᠵᠦᠢᠯ  ᠮᠦᠽᠧᠢ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠬᠢᠷᠢ ᠲᠦᠪᠰᠢᠨ ᠲᠠᠢ ᠮᠦᠽᠧᠢ ᠯᠦᠭᠡ ᠬᠠᠮᠲᠤᠷᠠᠯᠴᠠᠭ᠎ᠠ  ᠪᠠᠶᠢᠭᠤᠯᠬᠤ ᠶᠢ ᠵᠣᠷᠢᠭᠵᠢᠭᠤᠯᠤᠨ᠂ ᠲᠡᠦᠬᠡ ᠰᠣᠶᠣᠯ ᠤᠨ ᠥᠪ ᠢ ᠬᠠᠮᠠᠭᠠᠯᠠᠬᠤ᠂ ᠳᠡᠯᠭᠡᠨ ᠦᠵᠡᠭᠦᠯᠬᠦ᠂ ᠰᠣᠶᠣᠯ ᠤᠨ ᠪᠦᠲᠦᠭᠡᠯᠴᠢ ᠰᠡᠳᠬᠢᠮᠵᠢ᠂ ᠴᠢᠳᠠᠪᠤᠷᠢᠲᠠᠨ ᠬᠥᠮᠥᠵᠢᠭᠦᠯᠬᠦ ᠵᠡᠷᠭᠡ ᠲᠠᠯ᠎ᠠ ᠪᠠᠷ  ᠭᠦᠨᠵᠡᠭᠡᠢ ᠬᠠᠮᠲᠤᠷᠠᠯᠴᠠᠵᠤ᠂ ᠡᠯ᠎ᠡ ᠲᠥᠷᠥᠯ ᠤᠨ ᠮᠦᠽᠧᠢ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠮᠡᠳᠡᠭᠡ ᠵᠠᠩᠭᠢ ᠪᠠᠨ ᠬᠠᠷᠢᠯᠴᠠᠨ ᠰᠣᠯᠢᠯᠴᠠᠬᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠶᠢ ᠠᠬᠢᠭᠤᠯᠤᠨ᠎ᠠ᠃            ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠦᠽᠧᠢ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠵᠢᠯᠣᠭᠤᠳᠤᠯᠭ᠎ᠠ ᠬᠠᠩᠭᠠᠬᠤ ᠬᠡᠷᠡᠭᠲᠡᠢ᠃            ᠭᠤᠴᠢᠨ ᠨᠠᠢᠮᠠᠳᠤᠭᠠᠷ ᠵᠦᠢᠯ  ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠴᠥᠮ ᠦᠨ᠎ᠡ ᠥᠷᠲᠡᠭ ᠲᠠᠢ ᠰᠣᠶᠣᠯ ᠤᠨ ᠦᠵᠡᠰᠬᠦᠯᠡᠩ ᠤᠨ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠡᠭᠦᠷᠭᠡ ᠲᠠᠢ᠃            ᠭᠤᠴᠢ ᠶᠢᠰᠦᠳᠦᠭᠡᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠦᠽᠧᠢ ᠶᠢᠨ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠤᠶᠤ ᠬᠤᠪᠢ ᠬᠥᠮᠥᠨ ᠳᠤ ᠬᠠᠤᠯᠢ ᠶᠣᠰᠣᠭᠠᠷ ᠣᠶᠤᠨ ᠰᠠᠨᠠᠭᠠᠨ ᠤ ᠵᠣᠷᠢᠭᠵᠢᠭᠤᠯᠤᠯ ᠪᠤᠶᠤ ᠪᠣᠳᠠᠰ ᠤᠨ ᠱᠠᠩᠨᠠᠯ ᠣᠯᠭᠤᠬᠤ ᠬᠡᠷᠡᠭᠲᠡᠢ᠃            ᠳᠥᠴᠢᠳᠦᠭᠡᠷ ᠵᠦᠢᠯ  ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠤᠳ ᠮᠦᠽᠧᠢ ᠶᠢ ᠤᠬᠠᠭᠤᠯᠤᠨ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷᠠᠬᠢ ᠶᠢ ᠤᠶᠠᠯᠳᠤᠭᠤᠯᠤᠭᠰᠠᠨ ᠮᠦᠽᠧᠢ ᠶᠢᠨ ᠤᠯᠠᠮᠵᠢᠯᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃            ᠳᠥᠴᠢᠨ ᠨᠢᠭᠡᠳᠦᠭᠡᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠦᠽᠧᠢ ᠶᠢᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠮᠦᠽᠧᠢ ᠶᠢᠨ ᠳᠡᠯᠭᠡᠨ ᠦᠵᠡᠭᠦᠯᠬᠦ ᠠᠭᠤᠯᠭ᠎ᠠ ᠪᠣᠯᠣᠨ ᠲᠠᠶᠢᠯᠪᠤᠷᠢᠯᠠᠬᠤ ᠠᠭᠤᠯᠭ᠎ᠠ ᠶᠢ ᠲᠣᠭᠲᠠᠭᠰᠠᠨ ᠬᠤᠭᠤᠴᠠᠭ᠎ᠠ ᠲᠠᠢ ᠬᠢᠨᠠᠵᠤ᠂ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠶᠢ ᠲᠤᠰᠬᠠᠭᠰᠠᠨ ᠠᠰᠠᠭᠤᠨ ᠯᠠᠪᠯᠠᠵᠤ ᠬᠠᠷᠢᠭᠤ ᠲᠤᠰᠬᠠᠬᠤ ᠳᠦᠷᠢᠮ ᠪᠣᠯᠣᠨ ᠣᠯᠠᠨ ᠨᠡᠶᠢᠲᠡ ᠪᠠᠷ ᠣᠷᠣᠯᠴᠠᠭᠰᠠᠨ ᠬᠢᠨᠠᠨ ᠰᠢᠯᠭᠠᠵᠤ ᠦᠨᠡᠯᠡᠬᠦ ᠳᠦᠷᠢᠮ ᠢ ᠪᠠᠶᠢᠭᠤᠯᠬᠤ ᠬᠡᠷᠡᠭᠲᠡᠢ᠃            ᠳᠥᠴᠢᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠲᠤᠰᠬᠠᠢ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠦᠽᠧᠢ ᠶᠢᠨ ᠠᠵᠢᠯ ᠦᠢᠯᠡᠰ ᠤᠨ ᠬᠥᠭᠵᠢᠯᠲᠡ ᠶᠢᠨ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃            ᠳᠥᠴᠢᠨ ᠭᠤᠷᠪᠠᠳᠤᠭᠠᠷ ᠵᠦᠢᠯ  ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠳᠠᠭᠠᠨ᠎ᠠ᠃            ᠳᠥᠴᠢᠨ ᠳᠥᠷᠪᠡᠳᠦᠭᠡᠷ ᠵᠦᠢᠯ  ᠮᠦᠽᠧᠢ ᠶᠢ ᠬᠠᠮᠢᠶᠠᠷᠬᠤ ᠠᠵᠢᠯ ᠤᠨ ᠳᠤᠮᠳᠠ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠥᠨ ᠪᠣᠯᠣᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠲᠠᠪᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ            ᠳᠥᠴᠢᠨ ᠲᠠᠪᠤᠳᠤᠭᠠᠷ ᠵᠦᠢᠯ  ᠲᠣᠰ ᠳᠦᠷᠢᠮ ᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号