ᠰᠠᠶᠢᠬᠠᠨ ᠲᠣᠭᠤᠷᠢᠭ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠵᠢᠴᠢ ︽ᠬᠤᠣᠰ ᠭᠠᠷᠠᠭ ᠤᠨ ᠲᠠᠶᠢᠯᠤᠮᠵᠢ︾ ︵ᠵᠢᠷᠭᠤᠳᠤᠭᠠᠷ ᠬᠤᠭᠤᠴᠠᠭ᠎ᠠ︶ ᠡᠷᠬᠢᠯᠡᠪᠡ
ᠨᠡᠶᠢᠲᠡᠯᠡᠭᠰᠡᠨ ᠴᠠᠭ᠄
2024/9/23
     ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ︾ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠺᠠᠳ᠋ᠷ ᠤᠨ ᠡᠩᠨᠡᠭᠡᠨ ᠤ ᠰᠢᠰᠲ᠋ᠧᠮᠲᠦ ᠰᠡᠳᠬᠢᠬᠦᠢ ᠶᠢ ᠴᠢᠩᠭᠠᠳᠬᠠᠨ᠂ ᠥᠭᠡᠷᠡᠴᠢᠯᠡᠯᠲᠡ ᠶᠢᠨ ᠰᠡᠳᠬᠢᠴᠡ ᠪᠠ ᠠᠷᠭ᠎ᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 21 ᠤ ᠡᠳᠦᠷ᠂ ᠰᠠᠶᠢᠬᠠᠨ ᠲᠣᠭᠤᠷᠢᠭ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠵᠢᠴᠢ ︽ᠬᠤᠣᠰ ᠭᠠᠷᠠᠭ ᠤᠨ ᠲᠠᠶᠢᠯᠤᠮᠵᠢ︾ ︵ᠵᠢᠷᠭᠤᠳᠤᠭᠠᠷ ᠬᠤᠭᠤᠴᠠᠭ᠎ᠠ︶ ᠶᠢ ᠡᠷᠬᠢᠯᠡᠪᠡ᠃
           ᠲᠣᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠠᠨ ᠵᠢᠩ ᠽᠧ ᠲᠤᠰᠬᠠᠢ ᠰᠡᠳᠦᠪᠲᠦ ᠲᠠᠶᠢᠯᠤᠮᠵᠢ ᠬᠢᠪᠡ᠃ ᠲᠠᠶᠢᠯᠤᠮᠵᠢ ᠨᠢ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾  ᠪᠠᠷ ᠭᠤᠣᠯ ᠰᠡᠳᠦᠪ ᠪᠣᠯᠭᠠᠵᠤ᠂ ᠶᠠᠭᠤ ᠶᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠭᠠᠬᠤ ᠪᠠ ᠥᠪᠥᠷ ᠮᠣᠩᠭᠤᠯ ᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠤᠶᠠᠷ ᠲᠠᠯ᠎ᠠ ᠪᠠᠷ ᠨᠢᠭᠲᠠ ᠤᠶᠠᠯᠳᠤᠭᠤᠯᠤᠨ ᠶᠠᠷᠢᠵᠤ᠂ ᠭᠦᠨᠵᠡᠭᠡᠢ ᠪᠥᠭᠡᠳ ᠲᠤᠤᠱᠲᠠᠢ᠂ ᠠᠭᠤᠯᠭ᠎ᠠ ᠨᠢ ᠪᠠᠶᠠᠯᠢᠭ ᠪᠠᠶᠢᠵᠤ᠂ ᠤᠨᠤᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠣᠯᠭᠠᠵᠤ᠂ ᠪᠦᠬᠦ ᠲᠣᠭᠤᠷᠢᠭ ᠤᠨ ᠺᠠᠳ᠋ᠷᠴᠤᠳ ᠢ ᠬᠠᠪᠰᠤᠷᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠪᠠ ᠴᠢᠭᠯᠡᠯ ᠢ ᠣᠨᠣᠪᠴᠢᠲᠠᠢ ᠡᠵᠡᠮᠰᠢᠭᠦᠯᠵᠦ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠩᠭ᠎ᠠ ᠵᠢᠯᠤᠭᠤᠳᠬᠤ ᠪᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃          ᠬᠤᠷᠠᠯ ᠠᠴᠠ᠂ ᠣᠳᠣᠬᠠᠨ ᠳᠤ ᠪᠦᠬᠦ ᠲᠣᠭᠤᠷᠢᠭ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠰᠠᠶᠢᠨ ᠤ ᠲᠣᠭᠤᠷᠢᠭ︾  ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ︽ᠣᠷᠣᠨ ᠤ ᠳᠣᠲᠣᠷ᠎ᠠ ᠳᠠᠬᠢᠨ ᠣᠷᠣᠨ ᠳᠠᠪᠰᠢᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠪᠣᠯᠬᠤ ᠪᠠᠷ ᠴᠢᠷᠮᠠᠶᠢᠬᠤ︾ ᠪᠠ ︽ᠲᠦᠷᠪᠡᠨ ᠮᠢᠩᠭᠠᠨ ᠳ᠋ᠦᠩᠰᠢᠭᠤᠷ︾᠂ ︽ᠲᠠᠪᠤᠨ ᠨᠢᠭᠡᠳᠦᠭᠡᠷ︾ ᠤᠨ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠪᠰᠢᠭᠠᠶᠢᠯᠠᠬᠤ ᠵᠣᠷᠢᠭ᠂ ᠡᠷᠴᠢ ᠵᠣᠷᠢᠭ ᠢᠶᠠᠨ ᠪᠠᠳᠠᠷᠠᠭᠤᠯᠵᠤ᠂︽ᠰᠢᠨ᠎ᠡ︾ ᠲᠡᠶᠢᠰᠢ ᠬᠥᠳᠡᠯᠵᠦ᠂ ︽ᠶᠠᠰᠤ ᠴᠢᠨᠠᠷ︾ ᠲᠡᠶᠢᠰᠢ ᠤᠷᠤᠭᠰᠢᠯᠠᠵᠤ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠠᠯᠲᠠᠨ ᠬᠥᠭᠦᠷᠭᠡ ᠠᠵᠤ ᠦᠢᠯᠡᠰ ᠤᠨ ᠬᠦᠷᠢᠶᠡᠯᠡᠩ ᠬᠠᠷᠢᠯᠴᠠᠨ ᠠᠭᠤᠰᠤᠯᠴᠠᠵᠤ᠂ ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠪᠣᠯᠣᠨ ᠳᠣᠬᠢᠭᠤᠷ ᠲᠤᠯᠤᠭᠠᠨ ᠣᠲᠣ ᠠᠵᠤ ᠦᠢᠯᠡᠰ ᠤᠨ ᠬᠦᠷᠢᠶᠡᠯᠡᠩ ᠤᠨ ᠵᠡᠭᠦᠨ ᠪᠠᠷᠠᠭᠤᠨ ᠬᠡᠰᠡᠭ︾ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠡᠵᠡᠯᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号