ᠨᠡᠩ ᠤᠯᠠᠨ ︽ᠪᠣᠬᠢᠷᠲᠤᠯ ᠦᠭᠡᠢ︾ ᠲᠦᠷᠦᠯ ᠵᠦᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/9/24
     ᠣᠶᠢᠷ᠎ᠠ ᠳᠤ᠂ ᠵᠢᠶᠠᠩᠰᠤ ᠮᠤᠵᠢ ᠶᠢᠨ ᠨᠠᠨᠵᠢᠩ ᠬᠤᠲᠠ ᠶᠢᠨ ᠵᠢᠶᠠᠩ ᠨᠢᠩ ᠲᠣᠭᠤᠷᠢᠭ ᠤᠨ ᠲᠢᠶᠠᠨ ᠶᠢᠨ ᠲᠠᠯᠠᠪᠠᠶ ᠳᠤ᠂ ︽ᠰᠢᠨ᠎ᠡ ᠡᠨᠧᠷᠭᠢ ᠶᠢᠨ ᠬᠤᠲᠠ ᠶᠢᠨ ᠵᠣᠴᠢᠨ ᠤ ᠥᠷᠥᠭᠡ︾ ᠶᠢ ᠰᠢᠨ᠎ᠡ ᠪᠠᠷ ᠨᠡᠮᠡᠨ ᠪᠠᠶᠢᠭᠤᠯᠵᠠᠢ᠃ ᠡᠨᠡᠬᠦ ᠪᠣᠬᠢᠷᠲᠤᠯ ᠦᠭᠡᠢ ᠡᠨᠧᠷᠭᠢ ᠪᠠᠷ ᠴᠠᠬᠢᠯᠭᠠᠨ ᠭᠠᠷᠭᠠᠬᠤ᠂ ᠣᠶᠤᠨᠲᠤ ᠨᠡᠶᠢᠲᠡ ᠶᠢᠨ ᠵᠣᠷᠯᠣᠩ᠂ ᠬᠤᠳᠠᠯᠳᠤᠭᠠᠨ ᠤ ᠶᠠᠪᠤᠳᠠᠯ᠂ ᠰᠡᠯᠡᠭᠦᠴᠡᠯ᠂ ᠡᠨᠧᠷᠭᠢ ᠬᠠᠳᠠᠭᠠᠯᠠᠵᠤ ᠴᠠᠬᠢᠯᠭᠠᠨ ᠴᠡᠨᠡᠭᠯᠡᠬᠦ ᠶᠢ ᠨᠢᠭᠡ ᠴᠣᠭᠴᠠᠵᠢᠭᠤᠯᠤᠭᠰᠠᠨ ᠨᠢᠭᠡ ᠦᠷᠳᠡᠭᠡᠯᠢᠭ ᠮᠠᠶ᠋ᠢᠭ ᠤᠨ ᠵᠢᠵᠢᠭ ᠦᠷᠦᠭᠡ ᠶᠢᠨ ᠶᠡᠷᠦᠩᠬᠡᠢ ᠲᠠᠯᠠᠪᠠᠢ ᠨᠢ 42 ᠲᠡᠭᠰᠢ ᠳᠥᠷᠪᠡᠯᠵᠢᠨ ᠮᠧᠲᠷ ᠪᠠᠶᠢᠵᠤ᠂ ᠭᠡᠷᠡᠯ ᠴᠡᠨᠡᠭ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠢᠰᠲ᠋ᠧᠮ᠂ ᠡᠨᠧᠷᠭᠢ ᠬᠠᠳᠠᠭᠠᠯᠠᠬᠤ ᠰᠢᠰᠲ᠋ᠧᠮ ᠪᠣᠯᠣᠨ ᠴᠠᠬᠢᠯᠭᠠᠨ ᠴᠡᠨᠡᠭᠯᠡᠬᠦ ᠱᠣᠩ ᠲᠣᠬᠢᠷᠠᠭᠤᠯᠵᠤ᠂  ᠬᠤᠳᠠ ᠶᠢᠨ ᠠᠷᠠᠳ ᠲᠤ ᠴᠡᠪᠡᠷ ᠡᠨᠧᠷᠭᠢ ᠪᠣᠯᠣᠨ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠠᠢ᠃            ᠵᠣᠬᠢᠶᠠᠭᠴᠢ ᠶᠢᠨ ᠦᠵᠡᠬᠦ ᠪᠠᠷ᠂ ︽ᠰᠢᠨ᠎ᠡ ᠡᠨᠧᠷᠭᠢ ᠶᠢᠨ ᠬᠤᠲᠠ ᠶᠢᠨ ᠵᠣᠴᠢᠨ ᠤ ᠥᠷᠥᠭᠡ︾ ᠨᠢ ᠳᠠᠬᠢᠨ ᠠᠰᠢᠭᠯᠠᠵᠤ ᠪᠣᠯᠬᠤ ᠡᠨᠧᠷᠭᠢ ᠶᠢᠨ ᠰᠤᠷᠪᠤᠯᠵᠢ ᠶᠢ ᠬᠡᠷᠡᠭᠯᠡᠬᠦ ᠪᠠᠷ ᠳᠠᠮᠵᠢᠭᠤᠯᠤᠨ᠂ ᠡᠨᠧᠷᠭᠢ ᠶᠢᠨ ᠰᠤᠷᠪᠤᠯᠵᠢ ᠶᠢᠨ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠪᠡᠶᠡᠯᠡᠭᠦᠯᠵᠡᠢ᠂ ᠡᠶᠢᠮᠦᠷᠬᠦ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠲᠦᠷᠦᠯ ᠵᠦᠢᠯ ᠢ ᠳᠡᠯᠭᠡᠷᠡᠭᠦᠯᠦᠭᠦᠰᠢᠲᠡᠢ᠃            ᠡᠩ ᠲᠡᠷᠢᠭᠦᠨ ᠳᠤ᠂ ︽ᠰᠢᠨ᠎ᠡ ᠡᠨᠧᠷᠭᠢ ᠶᠢᠨ ᠰᠤᠷᠪᠤᠯᠵᠢ ᠶᠢᠨ ᠬᠤᠲᠠ ᠶᠢᠨ ᠵᠣᠴᠢᠨ ᠤ ᠦᠷᠦᠭᠡ︾ ᠶᠢᠨ ᠬᠠᠮᠤᠭ ᠤᠨ ᠶᠡᠭᠡ ᠭᠢᠯᠠᠰ ᠴᠡᠭ ᠪᠣᠯ ᠳᠠᠬᠢᠨ ᠠᠰᠢᠭᠯᠠᠵᠤ ᠪᠣᠯᠬᠤ ᠡᠨᠧᠷᠭᠢ ᠶᠢᠨ ᠰᠤᠷᠪᠤᠯᠵᠢ ᠶᠢ ᠥᠷᠭᠡᠨ ᠢᠶᠠᠷ ᠬᠡᠷᠡᠭᠯᠡᠭᠰᠡᠨ ᠶᠠᠪᠤᠳᠠᠯ ᠪᠣᠯᠣᠨ᠎ᠠ᠃ ᠭᠡᠷ ᠤᠨ ᠣᠷᠣᠢ ᠳᠠᠬᠢ ᠭᠡᠷᠡᠯ ᠴᠡᠨᠡᠭ ᠤᠨ ᠴᠠᠬᠢᠯᠭᠠᠨ ᠬᠠᠪᠲᠠᠰᠤ ᠪᠣᠯᠣᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠪᠣᠰᠤᠭ᠎ᠠ ᠲᠣᠨᠣᠭᠯᠠᠯ ᠨᠢ ᠨᠡᠷᠡᠨ ᠤ ᠡᠨᠧᠷᠭᠢ᠂ ᠰᠠᠯᠬᠢᠨ ᠡᠨᠧᠷᠭᠢ ᠶᠢ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠵᠤ ᠬᠠᠳᠠᠭᠠᠯᠠᠪᠠ᠃ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠡᠨᠧᠷᠭᠢ ᠶᠢᠨ ᠵᠠᠭᠪᠤᠷ ᠨᠢ ᠤᠯᠠᠮᠵᠢᠯᠠᠯᠲᠤ ᠡᠨᠧᠷᠭᠢ ᠳᠤ ᠲᠦᠰᠢᠭᠯᠡᠬᠦ ᠶᠢ ᠪᠠᠭᠠᠰᠬᠠᠭᠰᠠᠨ ᠢᠶᠠᠷ ᠪᠠᠷᠠᠬᠤ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠢ ᠪᠠᠭᠤᠷᠠᠭᠤᠯᠵᠤ᠂ ᠬᠤᠳᠠ ᠶᠢᠨ ᠪᠣᠬᠢᠷᠲᠤᠯ ᠦᠭᠡᠢ ᠬᠥᠭᠵᠢᠯᠲᠡ ᠳᠤ ᠴᠢᠬᠤᠯᠠ ᠬᠦᠴᠦᠨ ᠴᠢᠳᠠᠯ ᠢᠶᠠᠨ ᠡᠷᠭᠦᠵᠡᠢ᠃ ᠡᠭᠦᠨ ᠠᠴᠠ ᠭᠠᠳᠠᠨ᠎ᠠ᠂ ᠡᠨᠧᠷᠭᠢ ᠬᠠᠳᠠᠭᠠᠯᠠᠬᠤ ᠰᠢᠰᠲ᠋ᠧᠮ ᠨᠢ ᠨᠠᠩ ᠴᠤ ᠴᠠᠬᠢᠯᠭᠠᠨ ᠡᠨᠧᠷᠭᠢ ᠶᠢ ᠵᠣᠬᠢᠰᠲᠠᠢ ᠬᠤᠪᠢᠶᠠᠷᠢᠯᠠᠬᠤ ᠪᠠ ᠠᠰᠢᠭᠯᠠᠬᠤ ᠶᠢ ᠪᠡᠶᠡᠯᠡᠭᠦᠯᠵᠦ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃            ᠳᠠᠷᠠᠭᠠᠯᠠᠪᠠᠯ᠂ ︽ᠰᠢᠨ᠎ᠡ ᠡᠨᠧᠷᠭᠢ ᠶᠢᠨ ᠬᠤᠲᠠ ᠶᠢᠨ ᠵᠣᠴᠢᠨ ᠤ ᠥᠷᠥᠭᠡ︾ ᠶᠢᠨ ᠣᠶᠤᠨᠲᠤ ᠨᠡᠶᠢᠲᠡ ᠶᠢᠨ ᠵᠣᠷᠯᠣᠩ ᠤᠨ ᠬᠡᠷᠡᠭᠯᠡᠯᠲᠡ ᠳᠤ ᠤᠰᠤ ᠶᠢ ᠡᠭᠡᠭᠦᠯᠦᠨ ᠬᠡᠷᠡᠭᠯᠡᠬᠦ ᠰᠢᠰᠲ᠋ᠧᠮ ᠢ ᠬᠡᠷᠡᠭᠯᠡᠵᠦ᠂ ᠲᠡᠷᠢᠭᠦᠨ ᠤ   ᠮᠡᠷᠭᠡᠵᠢᠯ ᠢᠶᠠᠷ ᠳᠠᠮᠵᠢᠭᠤᠯᠤᠨ᠂ ᠬᠠᠶᠠᠭᠳᠠᠮᠠᠯ ᠤᠰᠤ ᠶᠢ ᠳᠠᠬᠢᠨ ᠠᠰᠢᠭᠯᠠᠵᠤ ᠪᠣᠯᠬᠤ ᠤᠰᠤᠨ ᠤ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠬᠤᠷᠣᠭᠳᠠᠯ ᠢ ᠪᠦᠲᠦᠮᠵᠢᠲᠡᠶ ᠪᠠᠭᠠᠰᠬᠠᠬᠤ ᠶᠢᠨ ᠬᠠᠮᠲᠤ ᠪᠣᠬᠢᠷ ᠤᠰᠤᠨ ᠤ ᠭᠠᠳᠠᠭᠰᠢᠯᠠᠭᠤᠯᠤᠯᠲᠠ ᠶᠢᠨ ᠣᠷᠴᠢᠨ ᠲᠣᠭᠤᠷᠢᠨ ᠤ ᠳᠠᠷᠤᠯᠲᠠ ᠶᠢ ᠪᠦᠳᠦᠮᠵᠢᠳᠡᠢ ᠬᠥᠩᠭᠡᠷᠡᠭᠦᠯᠪᠡ᠃ ᠣᠶᠤᠨᠲᠤ ᠨᠡᠶᠢᠲᠡ ᠶᠢᠨ ᠵᠣᠷᠯᠣᠩ ᠳᠤ ᠴᠢᠰᠤᠨ ᠳᠠᠷᠤᠯᠲᠠ ᠶᠢᠨ ᠬᠡᠮᠵᠢᠭᠦᠷ᠂ ᠴᠢᠰᠤᠨ ᠤ ᠬᠦᠴᠢᠯᠲᠥ᠋ᠷᠥᠭᠴᠢ ᠶᠢᠨ ᠬᠡᠮᠵᠢᠭᠦᠷ᠂ ᠪᠡᠶ᠎ᠡ ᠶᠢᠨ ᠥᠭᠡᠬᠦ ᠶᠢᠨ ᠬᠡᠮᠵᠢᠭᠦᠷ ᠵᠡᠷᠭᠡ ᠡᠷᠡᠭᠦᠯ ᠮᠡᠨᠳᠦ ᠶᠢ ᠰᠢᠯᠭᠠᠨ ᠪᠠᠶᠢᠴᠠᠭᠠᠬᠤ ᠲᠥᠬᠦᠭᠡᠷᠦᠮᠵᠢ ᠲᠣᠬᠢᠷᠠᠭᠤᠯᠵᠤ᠂ ᠬᠤᠲᠠ ᠶᠢᠨ ᠠᠷᠠᠳ ᠲᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠳᠥᠭᠦᠮ ᠳᠥᠲᠡ ᠦᠢᠯᠡᠴᠢᠯᠡᠭᠡ ᠶᠢ ᠡᠳ᠋ᠯᠡᠭᠦᠯᠦᠭᠰᠡᠨ ᠪᠠᠶᠢᠨ᠎ᠠ᠃ ᠣᠷᠴᠢᠨ ᠠᠬᠤᠢ ᠶᠢᠨ ᠬᠠᠮᠠᠭᠠᠯᠠᠯᠲᠠ ᠪᠠ ᠡᠷᠡᠭᠦᠯ ᠮᠡᠨᠳᠦ ᠶᠢ ᠤᠶᠠᠯᠳᠤᠭᠤᠯᠤᠭᠰᠠᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠨᠢ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠳᠤ ᠰᠢᠨ᠎ᠡ ᠰᠡᠳᠬᠢᠮᠵᠢ ᠬᠠᠩᠭᠠᠭᠰᠠᠨ ᠪᠠᠶᠢᠨ᠎ᠠ᠃            ᠬᠠᠮᠤᠭ ᠤᠨ ᠰᠡᠭᠦᠯ ᠳᠤ᠂ ︽ᠰᠢᠨ᠎ᠡ ᠡᠨᠧᠷᠭᠢ ᠶᠢᠨ ᠬᠤᠲᠠ ᠶᠢᠨ ᠵᠣᠴᠢᠨ ᠤ ᠥᠷᠥᠭᠡ︾ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠬᠦ ᠱᠣᠩ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠡᠨᠡᠭᠯᠡᠭᠦᠷ ᠰᠣᠯᠢᠬᠤ ᠬᠤᠷᠭᠤ ᠵᠢᠴᠢ ᠭᠠᠷ ᠤᠲᠠᠰᠤᠨ ᠤ ᠴᠠᠬᠢᠯᠭᠠᠨ ᠴᠡᠨᠡᠭᠯᠡᠭᠦᠷ ᠢ ᠲᠣᠬᠢᠷᠠᠭᠤᠯᠤᠭᠰᠠᠨ ᠨᠢ ᠬᠤᠲᠠ ᠶᠢᠨ ᠠᠷᠠᠳ ᠤᠨ ᠣᠯᠠᠨ ᠶᠠᠩᠵᠤᠲᠤ ᠬᠡᠷᠡᠭᠴᠡᠭᠡ ᠶᠢ ᠬᠠᠩᠭᠠᠵᠤ ᠴᠢᠳᠠᠭᠰᠠᠨ ᠢᠶᠠᠷ ᠪᠠᠷᠠᠬᠤ ᠦᠭᠡᠢ ᠬᠤᠲᠠ ᠶᠢᠨ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃            ᠡᠯ᠎ᠡ ᠭᠠᠵᠠᠷ ᠤᠨ ᠬᠢᠨ ᠨᠡᠩ ᠤᠯᠠᠨ ︽ᠪᠣᠬᠢᠷᠲᠤᠯ ᠦᠭᠡᠢ︾ ᠲᠦᠷᠦᠯ ᠵᠦᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠠᠷᠠᠳ ᠲᠤ ᠳᠥᠭᠦᠮ ᠳᠥᠲᠡ᠂ ᠣᠷᠴᠢᠨ ᠲᠣᠭᠤᠷᠢᠨ ᠢ ᠬᠠᠮᠠᠭᠠᠯᠠᠬᠤ᠂ ᠥᠨᠳᠥᠷ ᠪᠦᠲᠦᠮᠵᠢᠲᠡᠢ ᠠᠮᠢᠳᠤᠷᠠᠯ ᠤᠨ ᠣᠶᠢᠯᠠᠭᠠᠯᠲᠠ ᠶᠢ ᠣᠯᠭᠤᠵᠤ᠂ ᠬᠤᠳᠠ ᠶᠢᠨ ᠨᠡᠩ ᠪᠣᠬᠢᠷᠲᠤᠯ ᠦᠭᠡᠢ᠂ ᠳᠣᠣᠷ᠎ᠠ ᠨᠡᠭᠦᠷᠡᠰᠦᠳᠦᠷᠦᠭᠴᠢᠳᠦ᠂ ᠲᠣᠭᠲᠠᠪᠤᠷᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号