| | 1 - 8 ᠳ᠋ᠤᠭᠠᠷ ᠰᠠᠷ᠎ᠠ ᠳᠤ ᠪᠥᠬᠦ ᠣᠷᠣᠨ ᠤ ᠡᠨᠧᠷᠭᠢ ᠶᠢᠨ ᠭᠤᠣᠯ ᠦᠢᠯᠡᠳᠬᠦᠨ ᠤ ᠭᠠᠷᠤᠯᠲᠠ ᠪᠥᠬᠦ | ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ 1 - 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠨᠡᠭᠦᠷᠡᠰᠦᠨ ᠤ ᠭᠠᠷᠤᠯᠲᠠ 8.41 ᠳ᠋ᠦᠩᠰᠢᠭᠤᠷ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠨ᠂ ᠪᠥᠬᠦ ᠤᠯᠤᠰ ᠤᠨ ᠲᠦᠭᠦᠬᠡᠢ | ᠨᠡᠭᠦᠷᠡᠰᠦᠨ ᠤ ᠭᠠᠷᠤᠯᠲᠠ ᠶᠢᠨ 27.5% ᠶᠢ ᠡᠵᠡᠯᠡᠵᠦ᠂ ᠪᠥᠬᠦ ᠤᠯᠤᠰ ᠲᠤ ᠨᠢᠭᠡᠳᠦᠭᠡᠷ ᠲᠤ ᠣᠷᠣᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 5344.1 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠵᠦ᠂ ᠪᠦᠬᠦ | ᠤᠯᠤᠰ ᠤᠨ ᠴᠠᠬᠢᠯᠭᠠᠨ ᠭᠠᠷᠭᠠᠭᠰᠠᠨ ᠬᠡᠮᠵᠢᠶᠡᠨ ᠤ 8.6% ᠶᠢ ᠡᠵᠡᠯᠡᠵᠦ᠂ ᠪᠦᠬᠦ ᠤᠯᠤᠰ ᠲᠤ ᠨᠢᠭᠡᠳᠦᠭᠡᠷ ᠲᠤ | ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ | ᠬᠡᠢ ᠶᠢᠨ ᠭᠠᠷᠤᠯᠲᠠ 393.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ | ᠨᠡᠮᠡᠭᠳᠡᠵᠦ᠂ ᠪᠦᠬᠦ ᠤᠯᠤᠰ ᠤᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢᠨ 25.5% ᠶᠢ | ᠡᠵᠡᠯᠡᠵᠦ᠂ ᠪᠦᠬᠦ ᠤᠯᠤᠰ ᠲᠤ ᠨᠢᠭᠡᠳᠦᠭᠡᠷ ᠲᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠬᠡᠦᠷᠡᠰᠦ ᠶᠢᠨ ᠭᠠᠷᠤᠯᠲᠠ 3305.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1% ᠪᠠᠷ | ᠪᠠᠭᠤᠷᠠᠵᠤ᠂ ᠪᠦᠬᠦ ᠤᠯᠤᠰ ᠤᠨ ᠬᠡᠦᠷᠡᠰᠦ ᠶᠢᠨ ᠭᠠᠷᠤᠯᠲᠠ ᠶᠢᠨ 10.2% ᠢ ᠡᠵᠡᠯᠡᠵᠦ᠂ ᠪᠦᠬᠦ ᠤᠯᠤᠰ ᠲᠤ | ᠬᠤᠶᠠᠳᠤᠭᠠᠷ ᠲᠤ ᠣᠷᠣᠪᠠ᠃ ︵ᠲᠤᠭ᠎ᠠ ᠪᠦᠷᠢᠳᠬᠡᠯ ᠤᠨ ᠲᠣᠪᠴᠢᠶ᠎ᠠ︶ |