| | ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠲᠠ︽ᠳᠤᠯᠠᠭᠠᠯᠠᠭ᠎ᠠ ᠶᠢᠨ ᠢᠨᠵᠧᠨᠧᠷᠢᠩ︾ ᠢ ᠪᠦᠭᠦ | ᠬᠤᠲᠠ ᠶᠢᠨ ᠴᠢᠬᠤᠯᠠ ᠠᠵᠢᠯ ᠪᠣᠯᠭᠠᠨ ᠠᠳᠬᠤᠵᠤ᠂ 42.74 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ | ︽ᠳᠤᠯᠠᠭᠠᠯᠠᠭ᠎ᠠ ᠶᠢᠨ ᠢᠨᠵᠧᠨᠧᠷᠢᠩ︾ ᠤᠨ 62 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠢᠯᠴᠢ | ᠡᠭᠦᠰᠬᠡᠭᠴᠢ᠂ ᠢᠯᠴᠢ ᠬᠠᠩᠭᠠᠬᠤ ᠲᠣᠣᠷ᠂ ᠢᠯᠴᠢ ᠬᠡᠷᠡᠭᠯᠡᠬᠦ ᠡᠷᠦᠭᠡ ᠶᠢᠨ ᠲᠠᠯ᠎ᠠ ᠪᠠᠷ ᠬᠠᠮᠲᠤ ᠳᠤᠨᠢ ᠬᠦᠴᠦᠯᠡᠨ᠂ | ᠡᠪᠦᠯ ᠤᠨ ᠤᠯᠠᠷᠢᠯ ᠤᠨ ᠢᠯᠴᠢ ᠬᠠᠩᠭᠠᠬᠤ ᠶᠠᠰᠤ ᠴᠢᠨᠠᠷ ᠢ ᠪᠦᠭᠦ ᠲᠠᠯ᠎ᠠ ᠪᠠᠷ ᠰᠠᠶᠢᠵᠢᠷᠠᠭᠤᠯᠬᠤ ᠪᠠᠷ ᠴᠢᠷᠮᠠᠶᠢᠵᠤ | ᠪᠠᠶᠢᠨ᠎ᠠ᠃ ᠡᠭᠦᠨ ᠳᠤ ᠬᠤᠶᠠᠳᠤᠭᠠᠷ ᠳᠡᠰ ᠤᠨ ᠬᠤᠭᠤᠯᠠᠢ ᠲᠣᠣᠷ ᠢ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠨᠢ | 1333 ᠰᠠᠭᠤᠭᠠᠯᠢ ᠠᠷᠠᠳ ᠤᠨ ᠲᠣᠭᠤᠷᠢᠭ ᠢ ᠬᠠᠮᠤᠷᠴᠤ᠂ ᠣᠳᠣᠬᠠᠨ ᠳᠤ ᠥᠭᠡᠷᠡᠴᠢᠯᠡᠨ ᠰᠢᠨᠡᠳᠬᠡᠬᠦ ᠠᠬᠢᠴᠠ ᠨᠢ | ᠨᠢᠭᠡᠨᠲᠡ 84% ᠳᠤ ᠬᠦᠷᠴᠦ᠂ ᠦᠯᠡᠳᠡᠭᠰᠡᠨ ᠪᠦᠭᠦ ᠢᠨᠵᠧᠨᠧᠷᠢᠩ ᠢ 9 ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠭᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | | | ᠣᠶᠢᠷ᠎ᠠ ᠶᠢᠨ ᠬᠤᠭᠤᠴᠠᠭᠠᠨ ᠳᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠲᠥᠪᠯᠡᠷᠡᠭᠦᠯᠦᠨ | ᠶᠠᠪᠤᠭᠳᠠᠭᠤᠯᠵᠤ ᠪᠠᠶᠢᠬᠤ ᠨᠢ ᠵᠠᠮ ᠨᠡᠪᠲᠡᠷᠡᠯᠭᠡ ᠶᠢ ᠨᠥᠯᠥᠭᠡᠯᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ | ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ | ᠬᠠᠮᠢᠶᠠᠷᠤᠯᠲᠠ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠠᠯᠠᠭ᠎ᠠ ᠮᠥᠴᠢᠷ ᠤᠨ ᠬᠢᠨ ᠡᠳᠦᠷ ᠪᠦᠷᠢ ᠲᠤᠬᠠᠢ ᠶᠢᠨ | ᠲᠠᠯᠠᠪᠠᠶ ᠳᠤ ᠬᠢᠨᠠᠨ ᠵᠢᠯᠤᠭᠤᠳᠴᠤ᠂ ᠪᠠᠷᠢᠯᠭ᠎ᠠ ᠶᠢᠨ ᠠᠵᠢᠯᠴᠢᠨ ᠪᠠ ᠮᠠᠰᠢᠨ ᠪᠠᠭᠠᠵᠢ ᠨᠡᠮᠡᠭᠳᠡᠭᠦᠯᠬᠦ ᠶᠢᠨ ᠬᠠᠮᠲᠤ | ᠪᠠᠷᠢᠯᠭ᠎ᠠ ᠶᠢᠨ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠨ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ | ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠶᠠᠪᠤᠴᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ | ᠲᠣᠬᠢᠷᠠᠭᠤᠯᠤᠨ᠂ ᠵᠠᠮ ᠬᠠᠷᠢᠯᠴᠠᠭᠠᠨ ᠤ ᠳᠠᠷᠤᠭᠠᠰᠤ ᠶᠡᠭᠡ ᠵᠠᠮ ᠤᠨ ᠬᠡᠰᠡᠭ ᠲᠤ 24 ᠴᠠᠭ ᠢᠶᠠᠷ ᠪᠠᠷᠢᠯᠭ᠎ᠠ ᠶᠢᠨ | ᠠᠵᠢᠯ ᠢ ᠶᠠᠪᠤᠭᠳᠠᠭᠤᠯᠵᠤ᠂ ᠰᠤᠷᠭᠠᠭᠤᠯᠢ ᠶᠢᠨ ᠵᠠᠮ ᠤᠨ ᠬᠡᠰᠡᠭ ᠤᠨ ᠥᠭᠡᠷᠡᠴᠢᠯᠡᠯᠲᠡ ᠶᠢ ᠤᠷᠢᠳᠠᠪᠠᠷ | ᠪᠡᠶᠡᠯᠡᠭᠦᠯᠵᠦ ᠪᠠᠶᠢᠨ᠎ᠠ᠃ ᠡᠭᠦᠨ ᠤ ᠬᠠᠮᠲᠤ᠂ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠶᠢᠨ ᠠᠵᠢᠯ | ᠶᠠᠪᠤᠭᠳᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠡᠷᠭᠢᠨ ᠲᠣᠭᠤᠷᠢᠨ ᠵᠡᠷᠭᠡ ᠣᠨᠴᠠᠭᠠᠶ | ᠵᠠᠮ ᠤᠨ ᠬᠡᠰᠡᠭ ᠲᠤ ᠵᠠᠮ ᠬᠠᠷᠢᠯᠴᠠᠭᠠᠨ ᠤ ᠴᠠᠭᠳᠠᠭ᠎ᠠ ᠲᠠᠢ ᠵᠣᠬᠢᠴᠠᠭᠤᠯᠭ᠎ᠠ ᠪᠠᠨ ᠴᠢᠩᠭᠠᠳᠬᠠᠵᠤ ᠲᠤᠬᠠᠢ ᠶᠢᠨ | ᠭᠠᠵᠠᠷ ᠲᠤᠨᠢ ᠵᠢᠯᠣᠭᠤᠳᠤᠯᠭ᠎ᠠ ᠬᠢᠬᠦ ᠬᠡᠷᠡᠭᠲᠡᠢ ᠭᠡᠵᠦ ᠱᠠᠯᠠᠪᠳᠠᠭᠤᠯᠤᠨ ᠱᠠᠭᠠᠷᠳᠠᠵᠤ ᠪᠠᠶᠢᠨ᠎ᠠ᠃ |