ᠰᠠᠶᠢᠬᠠᠨ ᠲᠣᠭᠤᠷᠢᠭ᠄ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠬᠠᠮᠲᠤ ᠪᠠᠷ ᠤᠯᠠᠮᠵᠢᠯᠠᠨ ᠵᠠᠯᠭᠠᠮᠵᠢᠯᠠᠨ᠎ᠠ
ᠨᠡᠶᠢᠲᠡᠯᠡᠭᠰᠡᠨ ᠴᠠᠭ᠄
2024/9/26
     ᠭᠤᠯᠢᠷ ᠱᠤᠭᠤᠮᠠᠯ ᠤᠨ ᠤᠷᠠᠯᠢᠭ ᠨᠢ ᠳᠤᠮᠳᠠᠳᠤ ᠤᠯᠤᠰ ᠤᠨ ᠤᠯᠠᠮᠵᠢᠯᠠᠯᠲᠤ ᠠᠷᠠᠳ ᠤᠨ ᠭᠠᠷ ᠤᠷᠠᠯᠠᠯ ᠤᠨ ᠦᠨᠡᠲᠦ ᠡᠷᠳᠡᠨᠢ ᠪᠣᠯᠤᠭᠰᠠᠨ ᠤ ᠬᠤᠪᠢ ᠳᠤ᠂ ᠭᠤᠯᠢᠷ᠂ ᠪᠡᠯᠡᠨ ᠭᠤᠯᠢᠷ ᠵᠡᠷᠭᠡ ᠢᠳᠡᠭᠡᠨ ᠤ ᠮᠠᠲ᠋ᠧᠷᠢᠶᠠᠯ ᠢ  ᠣᠷᠠᠯᠢᠭ ᠢᠶᠠᠷ  ᠂ ᠤᠷᠠᠨ ᠳᠠᠷᠬᠠᠨ ᠤ ᠭᠠᠷ ᠪᠣᠯᠣᠨ ᠡᠯ᠎ᠡ ᠬᠡᠯᠪᠡᠷᠢ ᠶᠢᠨ ᠮᠡᠷᠭᠡᠵᠢᠯ ᠤᠨ ᠱᠤᠭᠤᠮᠠᠯ ᠪᠠᠭᠠᠵᠢ ᠬᠡᠷᠡᠭᠰᠡᠯ ᠢᠶᠠᠷ ᠳᠠᠮᠵᠢᠨ᠂ ᠮᠢᠩᠭ᠎ᠠ ᠲᠦᠮᠡᠨ ᠬᠡᠯᠪᠡᠷᠢ ᠳᠦᠷᠰᠦ ᠲᠠᠢ᠂ ᠠᠮᠢᠳᠤᠯᠢᠭ᠂ ᠤᠷᠠᠯᠢᠭ ᠤᠨ ᠳᠦᠷᠢ ᠲᠠᠢ ᠪᠣᠯᠵᠠᠢ᠃              ᠣᠶᠢᠷ᠎ᠠ ᠶᠢᠨ ᠡᠳᠦᠷ᠂ ᠠᠷᠠᠳ ᠤᠨ ᠵᠠᠮ ᠵᠡᠭᠡᠯᠢ ᠭᠤᠳᠤᠮᠵᠢ ᠶᠢᠨ  ᠰᠢᠩ ᠺᠠᠩ ᠨᠡᠶᠢᠭᠡᠮ ᠲᠣᠭᠤᠷᠢᠭ ᠰᠠᠶᠢᠬᠠᠨ ᠲᠣᠭᠤᠷᠢᠭ ᠤᠨ ᠳ᠋ᠦᠩ ᠹᠧᠩ ᠵᠠᠮ ᠤᠨ ᠪᠠᠭ᠎ᠠ ᠰᠤᠷᠭᠠᠭᠤᠯᠢ ᠲᠠᠢ ᠭᠠᠷ ᠬᠤᠯᠪᠣᠨ︽ᠨᠡᠶᠢᠭᠡᠮ ᠲᠣᠭᠤᠷᠢᠭ ᠲᠤ ᠣᠷᠣᠵᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠬᠠᠮᠲᠤ ᠪᠠᠷ ᠤᠯᠠᠮᠵᠢᠯᠠᠨ ᠵᠠᠯᠭᠠᠮᠵᠢᠯᠠᠬᠤ︾ ᠭᠡᠬᠦ ᠭᠤᠣᠯ ᠰᠡᠳᠦᠪᠲᠦ ᠣᠨᠴᠠᠯᠢᠭᠲᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠪᠣᠳᠠᠰ ᠤᠨ ᠪᠤᠰᠤ ᠰᠣᠶᠣᠯ ᠤᠨ ᠥᠪᠡᠷᠮᠢᠴᠡ ᠦᠨᠦᠷ ᠠᠮᠲᠠ ᠪᠣᠯᠣᠨ ᠪᠠᠯᠠᠷᠠᠰᠢ ᠦᠭᠡᠢ ᠲᠠᠲᠠᠬᠤ ᠬᠦᠴᠦᠨ ᠢ ᠭᠦᠨᠵᠡᠭᠡᠢ ᠣᠶᠢᠯᠠᠭᠠᠬᠤ ᠪᠠᠷ ᠵᠣᠷᠢᠯᠭ᠎ᠠ ᠪᠠᠨ ᠪᠣᠯᠭᠠᠵᠠᠢ᠃            ᠬᠥᠳᠡᠯᠭᠡᠭᠡᠨ ᠤ ᠲᠤᠬᠠᠢ ᠶᠢᠨ ᠲᠠᠯᠠᠪᠠᠢ ᠳᠤ᠂ ᠪᠦᠲᠦᠭᠡᠯ ᠨᠢᠭᠡᠪᠦᠷᠢ ᠤᠯᠠᠮᠵᠢᠯᠠᠯ ᠪᠠ ᠰᠢᠨ᠎ᠡ ᠡᠭᠦᠳᠦᠯᠲᠡ ᠶᠢ ᠪᠦᠷᠢᠨ ᠲᠡᠭᠦᠯᠳᠡᠷ ᠤᠶᠠᠯᠳᠤᠭᠤᠯᠤᠭᠰᠠᠨ ᠲᠠᠶᠢᠯᠪᠤᠷᠢᠯᠠᠯᠲᠠ ᠪᠠᠶᠢᠵᠤ᠂ ᠤᠷᠠᠨ ᠳᠠᠷᠬᠠᠨ ᠤ ᠲᠡᠭᠦᠰ ᠲᠡᠭᠦᠯᠳᠡᠷ ᠬᠠᠯᠠᠭᠤᠨ ᠰᠡᠳᠬᠢᠯᠭᠡ ᠪᠠ ᠤᠷᠠᠨ ᠳᠠᠷᠬᠠᠨ ᠤ ᠰᠠᠨᠠᠭ᠎ᠠ ᠰᠡᠳᠬᠢᠯᠭᠡ ᠶᠢ ᠨᠢᠭᠲᠠᠷᠠᠭᠤᠯᠪᠠ᠃            ᠠᠵᠢᠯᠯᠠᠭ᠎ᠠ ᠣᠨᠴᠠᠭᠠᠶᠢᠯᠠᠨ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠣᠨᠴᠠᠭᠠᠶᠢᠯᠠᠨ ᠲᠣᠬᠢᠷᠠᠭᠤᠯᠵᠤ᠂ ᠬᠡᠦᠬᠡᠳ ᠤᠨ ᠤᠯᠠᠮᠵᠢᠯᠠᠭᠴᠢ ᠲᠠᠢ ᠰᠢᠭᠤᠳ ᠶᠠᠷᠢᠯᠴᠠᠬᠤ ᠶᠢ ᠵᠣᠷᠢᠭᠵᠢᠭᠤᠯᠵᠤ᠂ ᠲᠡᠦᠬᠡ ᠶᠢᠨ ᠦᠯᠢᠭᠡᠷ᠂ ᠦᠢᠯᠡᠳᠬᠦ ᠤᠷ᠎ᠠ ᠮᠡᠷᠭᠡᠵᠢᠯ ᠵᠢᠴᠢ ᠲᠡᠭᠦᠨ ᠤ ᠠᠷᠤ ᠳᠤ ᠠᠭᠤᠯᠤᠭᠳᠠᠵᠤ ᠪᠠᠶᠢᠭ᠎ᠠ ᠡᠯᠪᠡᠭ ᠪᠠᠶᠠᠯᠢᠭ ᠰᠣᠶᠣᠯ ᠤᠨ ᠦᠨ᠎ᠡ ᠦᠷᠳᠡᠭ ᠢ ᠭᠦᠨᠵᠡᠭᠡᠢ ᠣᠶᠢᠯᠠᠭᠠᠪᠠ᠃ ᠡᠶᠢᠮᠦᠷᠬᠦ ᠬᠠᠷᠢᠯᠴᠠᠨ ᠦᠢᠯᠡᠳᠦᠯᠴᠡᠬᠦ ᠮᠠᠶ᠋ᠢᠭ ᠤᠨ ᠰᠤᠷᠤᠯᠴᠠᠯᠭ᠎ᠠ ᠨᠢ ᠬᠡᠦᠬᠡᠳ ᠤᠨ ᠪᠣᠳᠠᠰ ᠤᠨ ᠪᠤᠰᠤ ᠰᠣᠶᠣᠯ ᠤᠨ ᠲᠤᠬᠠᠢ ᠣᠶᠢᠯᠠᠭᠠᠯᠴᠠᠭ᠎ᠠ ᠪᠠ ᠮᠡᠳᠡᠷᠡᠮᠵᠢ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂  ᠪᠠᠶᠠᠷ ᠪᠠᠶᠠᠰᠬᠤᠯᠠᠩᠲᠠᠢ ᠠᠭᠤᠷ ᠠᠮᠢᠰᠬᠤᠯ ᠤᠨ ᠳᠤᠮᠳᠠ ᠰᠣᠶᠣᠯ ᠤᠨ ᠤᠯᠠᠮᠵᠢᠯᠠᠯ ᠪᠠ ᠪᠠᠳᠠᠷᠠᠯ ᠢ ᠠᠬᠢᠭᠤᠯᠤᠭᠰᠠᠨ ᠪᠠᠶᠢᠨ᠎ᠠ᠃              ᠲᠣᠰ ᠤᠳᠠᠭᠠᠨ ᠤ ᠠᠵᠢᠯᠯᠠᠭ᠎ᠠ ᠨᠢᠭᠡ ᠤᠳᠠᠭᠠᠨ ᠤ ᠬᠠᠷᠠᠭᠠᠨ ᠤ ᠳᠠᠪᠲᠠᠯᠭ᠎ᠠ ᠪᠣᠯᠬᠤ ᠪᠠᠷ ᠪᠠᠷᠠᠬᠤ ᠦᠭᠡᠢ᠂ ᠰᠡᠳᠬᠢᠯ ᠰᠠᠨᠠᠭᠠᠨ ᠤ ᠤᠬᠢᠶᠠᠯ ᠪᠣᠯᠣᠨ᠎ᠠ᠃ ᠵᠠᠯᠠᠭᠤᠴᠤᠳ ᠪᠠᠭᠠᠴᠤᠳ ᠲᠤ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠤ᠂ ᠲᠡᠳᠡᠨ ᠤ ᠤᠯᠠᠮᠵᠢᠯᠠᠯᠲᠤ ᠰᠣᠶᠣᠯ ᠤᠨ ᠲᠤᠬᠠᠢ ᠭᠦᠨ ᠵᠤᠵᠠᠭᠠᠨ ᠳᠤᠷ᠎ᠠ ᠰᠣᠨᠢᠷᠬᠠᠯ ᠪᠠ ᠬᠠᠶᠢᠷ᠎ᠠ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠬᠡᠦᠬᠡᠳ ᠤᠳ ᠢᠯᠡᠷᠬᠡᠶᠢᠯᠡᠬᠦ ᠳᠡᠭᠡᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠬᠢᠮ ᠨᠠᠨᠳᠢᠨ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠡᠴᠡᠭᠯᠡᠨ ᠬᠥᠭᠵᠢᠬᠦ ᠳᠤ ᠬᠦᠴᠦᠨ ᠴᠢᠳᠠᠯ ᠢᠶᠠᠨ ᠡᠷᠭᠦᠨ᠎ᠡ  ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号