ᠰᠠᠶᠢᠬᠠᠨ ᠲᠣᠭᠤᠷᠢᠭ᠄ ᠬᠤᠣᠷ ᠴᠠᠭᠠᠵᠠᠯᠠᠬᠤ ᠤᠬᠠᠭᠤᠯᠭ᠎ᠠ ᠶᠢ ᠶᠡᠭᠡ ᠳᠡᠭᠡᠳᠦ ᠰᠤᠷᠭᠠᠭᠤᠯᠢ ᠳᠤ ᠣᠷᠣᠭᠤᠯᠵᠤ᠂ ᠵᠠᠯᠠᠭᠤᠴᠤᠳ ᠳᠤ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/9/26
     ᠬᠥᠬᠡᠬᠤᠲᠠ ᠶᠢᠨ ᠪᠦᠬᠦ ᠤᠯᠤᠰ ᠤᠨ ᠬᠤᠣᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠬᠤᠣᠷ ᠴᠠᠭᠠᠵᠠᠯᠠᠬᠤ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠣᠷ ᠴᠠᠭᠠᠵᠠᠯᠠᠬᠤ ᠶᠡᠭᠡ ᠠᠩᠭᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠰᠠᠯᠪᠤᠷᠢ ᠠᠩᠭᠢ ᠲᠠᠢ ᠬᠠᠮᠲᠤᠷᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠣᠷᠣᠵᠤ᠂ ᠨᠢᠭᠡ ᠤᠳᠠᠭᠠᠨ ᠤ ᠥᠪᠡᠷᠮᠢᠴᠡ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ  ᠤᠨ ᠤᠬᠠᠭᠤᠯᠭ᠎ᠠ ᠶᠢᠨ ᠠᠵᠢᠯᠯᠠᠭ᠎ᠠ ᠡᠷᠬᠢᠯᠡᠪᠡ᠃
             ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠭᠠᠷ ᠬᠤᠯᠪᠣᠯᠴᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ᠂ ᠨᠠᠷᠢᠨ ᠨᠢᠮᠪᠠᠢ ᠪᠡᠯᠡᠳᠬᠡᠭᠰᠡᠨ ᠬᠤᠣᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠪᠠᠭᠰᠢ ᠰᠤᠷᠤᠭᠴᠢᠳ ᠤᠨ ᠭᠠᠷ ᠲᠤ ᠲᠠᠷᠬᠠᠭᠠᠪᠠ᠃ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠮᠪᠠᠷ᠎ᠠ ᠪᠠ ᠳᠡᠯᠭᠡᠨ ᠦᠵᠡᠭᠦᠯᠬᠦ ᠦᠨᠡᠨ ᠪᠣᠳᠠᠲᠠᠢ ᠬᠤᠣᠷᠲᠤ ᠡᠳ᠋ ᠤᠨ ᠳᠠᠭᠤᠷᠢᠶᠠᠮᠠᠯ ᠵᠠᠭᠪᠤᠷ ᠢᠶᠠᠷ ᠳᠠᠮᠵᠢᠭᠤᠯᠤᠨ᠂ ᠰᠤᠷᠤᠭᠴᠢᠳ ᠲᠤ ᠬᠤᠣᠷᠲᠤ ᠡᠳ᠋ ᠤᠨ ᠦᠨᠡᠨ ᠪᠣᠳᠠᠲᠠᠢ ᠳᠦᠷᠰᠦ ᠪᠠᠶᠢᠳᠠᠯ ᠵᠢᠴᠢ ᠲᠡᠭᠦᠨ ᠢ ᠮᠢᠩᠭ᠎ᠠ ᠲᠦᠮᠡᠨ ᠬᠤᠪᠢᠷᠠᠭᠤᠯᠬᠤ ᠬᠠᠭᠤᠷᠮᠠᠭᠯᠠᠬᠤ ᠬᠡᠯᠪᠡᠷᠢ ᠶᠢ ᠰᠢᠭᠤᠳ ᠪᠥᠭᠡᠳ ᠲᠣᠳᠣᠷᠬᠠᠢ ᠲᠠᠨᠢᠭᠤᠯᠵᠤ᠂ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠪᠡ᠃
       ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠠᠮᠢᠳᠤᠯᠢᠭ ᠬᠢᠴᠢᠶᠡᠯ ᠤᠨ ᠬᠡᠷᠡᠭᠰᠡᠯ ᠪᠣᠯᠣᠨ ᠰᠤᠷᠤᠭᠴᠢᠳ ᠤᠨ ᠠᠮᠢᠳᠤᠷᠠᠯ ᠲᠠᠢ ᠣᠶᠢᠷᠠᠲᠤᠭᠰᠠᠨ ᠦᠭᠡ ᠬᠡᠯᠡ ᠪᠠᠷ ᠬᠤᠣᠷᠲᠤ ᠡᠳ᠋ ᠤᠨ ᠲᠥᠷᠥᠯ ᠵᠦᠢᠯ᠂ ᠬᠦᠨᠳᠦ ᠨᠣᠴᠢᠲᠠᠢ ᠬᠤᠣᠷ ᠬᠥᠨᠥᠭᠡᠯ ᠵᠢᠴᠢ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠭᠰᠠᠨ ᠪᠥᠭᠡᠳ ᠬᠥᠮᠥᠰ ᠢ ᠰᠡᠷᠡᠮᠵᠢᠯᠡᠭᠦᠯᠦᠭᠰᠡᠨ ᠬᠤᠣᠷᠲᠤ ᠡᠳ᠋ ᠲᠤ ᠬᠤᠯᠪᠣᠭᠳᠠᠭᠰᠠᠨ ᠬᠡᠷᠡᠭ ᠤᠨ ᠵᠢᠱᠢᠶ᠎ᠡ ᠂ ᠪᠠᠭᠰᠢ ᠰᠤᠷᠤᠭᠴᠢᠳ ᠲᠤ ᠬᠤᠣᠷᠲᠤ ᠡᠳ᠋ ᠤᠨ ᠬᠤᠪᠢ ᠬᠥᠮᠥᠨ᠂ ᠭᠡᠷ ᠪᠦᠯᠢ ᠴᠢᠨᠠᠭᠰᠢᠯᠠᠪᠠᠯ ᠨᠡᠶᠢᠭᠡᠮ ᠳᠤ ᠦᠵᠡᠭᠦᠯᠬᠦ ᠯᠤᠲᠤ ᠶᠡᠭᠡ ᠡᠪᠳᠡᠯᠡᠭᠡ ᠶᠢᠨ ᠬᠦᠴᠦᠨ ᠢ ᠭᠦᠨᠵᠡᠭᠡᠢ ᠣᠶᠢᠯᠠᠭᠠᠭᠤᠯᠪᠠ᠃ ᠡᠭᠦᠨ ᠤ ᠬᠠᠮᠲᠤ᠂ ᠪᠠᠭᠰᠢ ᠰᠤᠷᠤᠭᠴᠢᠳ ᠲᠤ ᠲᠣᠳᠣᠷᠬᠠᠢ ᠦᠭᠡᠢ ᠡᠳ᠋ ᠪᠣᠳᠠᠰ ᠤᠨ ᠡᠮᠦᠨ᠎ᠡ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠢᠳᠡᠪᠬᠢᠲᠡᠢ ᠰᠡᠳᠬᠢᠴᠡ ᠶᠢᠨ ᠪᠠᠶᠢᠳᠠᠯ ᠪᠠ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢᠶᠠᠨ ᠪᠠᠲᠤᠯᠠᠬᠤ ᠶᠢ ᠤᠷᠢᠶᠠᠯᠠᠵᠤ᠂ ᠬᠤᠣᠷᠲᠤ ᠡᠳ᠋ ᠢ ᠡᠰᠡᠷᠭᠦᠴᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠤᠣᠷᠲᠤ ᠡᠳ᠋ ᠢ ᠴᠠᠭᠠᠵᠠᠯᠠᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠵᠣᠷᠢᠭᠲᠠᠢ ᠪᠠᠷ ᠮᠡᠳᠡᠭᠦᠯᠬᠦ ᠬᠡᠷᠡᠭᠲᠡᠢ ᠭᠡᠵᠦ ᠰᠠᠨᠠᠭᠤᠯᠪᠠ᠃
      ᠲᠣᠰ ᠤᠳᠠᠭᠠᠨ ᠤ ᠠᠵᠢᠯᠯᠠᠭ᠎ᠠ ᠪᠠᠭᠰᠢ ᠰᠤᠷᠤᠭᠴᠢᠳ ᠤᠨ ᠬᠤᠣᠷᠲᠤ ᠡᠳ᠋ ᠢ ᠴᠠᠭᠠᠵᠠᠯᠠᠬᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠵᠦ᠂ ᠲᠡᠳᠡᠨ ᠤ ᠬᠤᠣᠷᠲᠤ ᠡᠳ᠋ ᠢ ᠴᠠᠭᠠᠵᠠᠯᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠰᠠᠶᠢᠬᠠᠨ ᠲᠣᠭᠤᠷᠢᠭ ᠡᠭᠦᠨ ᠢᠶᠠᠷ ᠰᠢᠨ᠎ᠡ ᠭᠠᠷᠤᠭ᠎ᠠ ᠪᠣᠯᠭᠠᠵᠤ᠂ ᠬᠤᠣᠷ ᠴᠠᠭᠠᠵᠠᠯᠠᠬᠤ ᠤᠬᠠᠭᠤᠯᠭ᠎ᠠ ᠶᠢᠨ ᠵᠠᠭᠪᠤᠷ  ᠢ ᠲᠠᠰᠤᠷᠠᠯᠲᠠ ᠦᠭᠡᠢ ᠡᠭᠦᠳᠴᠦ᠂ ᠶᠡᠭᠡ ᠳᠡᠭᠡᠳᠦ ᠰᠤᠷᠭᠠᠭᠤᠯᠢ ᠶᠢᠨ ᠬᠤᠣᠷ ᠴᠠᠭᠠᠵᠠᠯᠠᠬᠤ ᠬᠥᠮᠦᠵᠢᠯ ᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠴᠣᠭᠴᠠᠯᠠᠵᠤ᠂ ᠬᠥᠬᠡᠬᠤᠲᠠ ᠶᠢᠨ ᠬᠤᠣᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃            ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号