ᠮᠠᠨ ᠤ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ 3 ᠪᠦᠲᠦᠭᠡᠯ ᠪᠠ ᠪᠦᠯᠭᠦᠮ ᠰᠢᠨ᠎ᠡ ᠵᠠᠭᠤᠴᠢᠯᠠᠭᠤᠷ ᠤᠨ ᠪᠦᠲᠦᠭᠡᠯᠴᠢ ᠰᠡᠳᠬᠢᠮᠵᠢ ᠶᠢᠨ ᠪᠦᠲᠦᠭᠡᠯ ᠤᠨ ᠤᠷᠤᠯᠳᠤᠭᠠᠨ ᠳᠤ ᠱᠠᠩᠨᠠᠯ ᠬᠦᠷᠲᠡᠵᠡᠢ
ᠨᠡᠶᠢᠲᠡᠯᠡᠭᠰᠡᠨ ᠴᠠᠭ᠄
2024/9/26
     ᠣᠶᠢᠷ᠎ᠠ ᠳᠤ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠣᠨᠢᠨ ᠮᠡᠳᠡᠭᠡ ᠶᠢᠨ ᠠᠯᠪᠠᠨ ᠭᠡᠷ ᠠᠴᠠ ᠵᠢᠯᠤᠭᠤᠳᠴᠤ᠂ ᠪᠠᠶᠢᠴᠠᠭᠠᠬᠤ ᠡᠳᠦᠷ ᠤᠨ ᠰᠣᠨᠢᠨ ᠤ ᠬᠤᠷᠢᠶ᠎ᠠ ᠠᠴᠠ ᠭᠤᠣᠯᠯᠠᠨ ᠡᠷᠭᠢᠯᠡᠭᠰᠡᠨ ᠳᠣᠯᠣᠳᠤᠭᠠᠷ ᠬᠤᠭᠤᠴᠠᠭᠠᠨ ᠤ ᠪᠠᠶᠢᠴᠠᠭᠠᠬᠤ ᠰᠢᠨ᠎ᠡ ᠵᠠᠭᠤᠴᠢᠯᠠᠭᠤᠷ ᠤᠨ ᠪᠦᠲᠦᠭᠡᠯᠴᠢ ᠰᠡᠳᠬᠢᠮᠵᠢ ᠶᠢᠨ ᠪᠦᠲᠦᠭᠡᠯ ᠡᠯᠰᠡᠨ ᠴᠤᠭᠯᠠᠭᠤᠯᠵᠤ ᠳᠡᠯᠭᠡᠨ ᠨᠡᠪᠲᠡᠷᠡᠭᠦᠯᠬᠦ ᠵᠢᠴᠢ ᠰᠢᠯᠢᠳᠡᠭ ᠬᠡᠷᠡᠭ ᠤᠨ ᠵᠢᠱᠢᠶ᠎ᠡ ᠶᠢᠨ ᠪᠣᠳᠠᠲᠤ ᠪᠣᠯᠪᠠᠰᠤᠷᠠᠯ ᠤᠨ ᠬᠠᠮᠲᠤ  ᠪᠠᠷ ᠡᠳ᠋ᠯᠡᠬᠦ ᠠᠵᠢᠯᠯᠠᠭ᠎ᠠ  ᠵᠢᠶᠠᠩᠰᠤ ᠶᠢᠨ ᠴᠠᠩᠵᠸᠦ ᠳᠤ ᠶᠠᠪᠤᠭᠳᠠᠵᠠᠢ᠃ ᠬᠤᠷᠠᠯ ᠳᠡᠭᠡᠷ᠎ᠡ ᠲᠤᠰ ᠤᠳᠠᠭ᠎ᠠ ᠶᠢᠨ ᠠᠵᠢᠯᠯᠠᠭ᠎ᠠ ᠶᠢᠨ ᠰᠢᠯᠢᠳᠡᠭ ᠪᠦᠲᠦᠭᠡᠯ᠂ ᠠᠷᠪᠠᠨ ᠰᠢᠯᠢᠳᠡᠭ ᠰᠢᠨ᠎ᠡ ᠵᠠᠭᠤᠴᠢᠯᠠᠭᠤᠷ ᠤᠨ ᠲᠦᠷᠦᠯ ᠲᠡᠮᠳᠡᠭ᠂ ᠠᠷᠪᠠᠨ ᠰᠢᠯᠢᠳᠡᠭ ᠰᠢᠨ᠎ᠡ ᠵᠠᠭᠤᠴᠢᠯᠠᠭᠤᠷ ᠤᠨ ᠪᠦᠯᠭᠦᠮ ᠪᠣᠯᠣᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠭ᠎ᠠ ᠨᠢᠭᠡᠴᠢ ᠶᠢᠨ ᠨᠡᠷᠡᠰ ᠢ ᠨᠡᠶᠢᠲᠡᠯᠡᠪᠡ᠃ ᠪᠦᠭᠦ ᠤᠯᠤᠰ ᠤᠨ ᠡᠯ᠎ᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠶᠢᠨ ᠲᠥᠯᠥᠭᠡᠯᠡᠭᠴᠢ᠂ ᠬᠡᠰᠡᠭ ᠮᠤᠵᠢ ᠶᠢᠨ ᠱᠠᠲᠤᠨ ᠤ ᠪᠠᠶᠢᠴᠠᠭᠠᠬᠤ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ᠂ ᠬᠡᠰᠡᠭ ᠪᠠᠶᠢᠴᠠᠭᠠᠬᠤ ᠠᠵᠢᠯ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠪᠠᠶᠢᠭᠤᠯᠭ᠎ᠠ ᠨᠢᠭᠡᠴᠢ ᠶᠢᠨ ᠲᠥᠯᠥᠭᠡᠯᠡᠭᠴᠢ ᠪᠣᠯᠣᠨ ᠣᠨᠴᠠ ᠤᠷᠢᠭᠰᠠᠨ ᠵᠠᠭᠤᠴᠢᠯᠠᠭᠤᠷ ᠤᠨ ᠲᠤᠰᠬᠠᠢ ᠮᠡᠷᠭᠡᠵᠢᠯᠲᠡᠨ ᠨᠢᠭᠡ ᠯᠡ ᠲᠠᠩᠬᠢᠮ ᠳᠤ ᠬᠤᠷᠠᠨ ᠴᠤᠭᠯᠠᠷᠠᠭᠰᠠᠨ ᠪᠥᠭᠡᠳ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠰᠢᠨ᠎ᠡ ᠵᠠᠭᠤᠴᠢᠯᠠᠭᠤᠷ ᠤᠨ ᠰᠢᠨ᠎ᠡ ᠶᠢ ᠡᠭᠦᠳᠦᠭᠰᠡᠨ ᠬᠥᠭᠵᠢᠯᠲᠡ︾ ᠭᠡᠬᠦ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠠᠢ᠃      ᠠᠵᠢᠯᠯᠠᠭ᠎ᠠ ᠶᠢᠨ ᠬᠤᠭᠤᠴᠠᠭᠠᠨ ᠳᠤ᠂ ᠬᠠᠮᠢᠶ᠎ᠠ ᠪᠦᠬᠦᠢ ᠡᠯᠰᠡᠨ ᠴᠤᠭᠯᠠᠭᠤᠯᠤᠭᠰᠠᠨ ᠪᠦᠲᠦᠭᠡᠯ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠵᠦ᠂ ᠡᠭᠦᠨ ᠳᠤ  ᠮᠠᠨ ᠤ ᠣᠷᠣᠨ ᠤ  ᠪᠠᠶᠢᠴᠠᠭᠠᠬᠤ ᠪᠠᠶᠢᠭᠤᠯᠭ᠎ᠠ  ᠶᠢᠨ ᠬᠢᠨ ᠤ ᠳᠡᠪᠰᠢᠭᠦᠯᠦᠭᠰᠡᠨ 3 ᠪᠦᠲᠦᠭᠡᠯ ᠪᠠ ᠪᠦᠯᠭᠦᠮ ᠱᠠᠩᠨᠠᠯ ᠬᠦᠷᠲᠡᠵᠡᠢ᠃ ᠦᠬᠠᠢ ᠬᠤᠳᠠ ᠶᠢᠨ ᠬᠠᠶᠢᠷᠤᠪ  ᠤᠨ ᠲᠣᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠨ ᠳᠡᠪᠰᠢᠭᠦᠯᠦᠭᠰᠡᠨ ︽ᠳᠤᠯᠠᠭᠠᠬᠠᠨ ᠡᠪᠦᠯ︾᠂ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠨ ᠳᠡᠪᠰᠢᠭᠦᠯᠦᠭᠰᠡᠨ ︽ᠨᠣᠴᠣᠭᠠᠨ᠎ᠠ ᠶᠢ ᠬᠠᠮᠠᠭᠠᠯᠠᠭᠰᠠᠨ ᠨᠢ︾ ᠭᠡᠬᠦ ᠪᠦᠲᠦᠭᠡᠯ ᠣᠬᠤᠷ ᠸᠢᠳᠢᠤ᠋ ᠶᠢᠨ ᠲᠦᠷᠦᠯ ᠤᠨ ᠳᠠᠮᠵᠢᠭᠤᠯᠭ᠎ᠠ ᠶᠢᠨ ᠬᠦᠴᠦᠨ ᠲᠠᠢ ᠪᠦᠲᠦᠭᠡᠯ ᠢᠶᠠᠷ ᠦᠨᠡᠯᠡᠭᠳᠡᠵᠡᠢ; ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠠᠶᠠᠨ︾ ᠭᠡᠬᠦ ᠰᠢᠨ᠎ᠡ ᠵᠠᠭᠤᠴᠢᠯᠠᠭᠤᠷ ᠤᠨ ᠠᠵᠢᠯᠯᠠᠬᠤ ᠦᠷᠦᠭᠡ ᠠᠷᠪᠠᠨ ᠰᠢᠯᠢᠳᠡᠭ ᠰᠢᠨ᠎ᠡ ᠵᠠᠭᠤᠴᠢᠯᠠᠭᠤᠷ ᠤᠨ ᠪᠦᠯᠭᠦᠮ ᠤᠨ ᠢᠷᠠᠭᠤ ᠠᠯᠳᠠᠷ ᠢ ᠭᠦᠷᠳᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号