ᠰᠤᠷᠭᠠᠨ ᠬᠥᠮᠦᠵᠢᠯ ᠤᠨ ᠶᠠᠮᠤᠨ᠄ ᠰᠤᠷᠤᠬᠴᠢᠳ ᠤᠨ ᠲᠠᠮᠢᠷ ᠤᠨ ᠬᠥᠳᠡᠯᠭᠡᠭᠡᠨ ᠤ ᠴᠠᠭ ᠢ 2 ᠴᠠᠭ ᠠᠴᠠ ᠣᠬᠤᠷ ᠪᠠᠶᠢᠯᠭᠠᠬᠤ ᠦᠭᠡᠢ
ᠨᠡᠶᠢᠲᠡᠯᠡᠭᠰᠡᠨ ᠴᠠᠭ᠄
2024/9/28
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠤᠨ ᠡᠨᠡ ᠡᠳᠦᠷ ᠬᠤᠷᠠᠯᠳᠤᠭᠤᠯᠤᠭᠰᠠᠨ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠵᠠᠩᠭᠢᠯᠠᠭ᠎ᠠ ᠶᠢᠨ ᠭᠤᠭᠴᠤᠭ᠎ᠠ ᠶᠢᠨ ᠲᠠᠯ᠎ᠠ ᠪᠠᠷ᠂ ︽ᠡᠷᠡᠭᠦᠯ ᠮᠡᠨᠳᠦ ᠲᠡᠷᠢᠭᠦᠨ ᠴᠢᠬᠤᠯᠠ︾ ᠪᠠᠶᠢᠬᠤ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠰᠤᠷᠤᠬᠴᠢᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠲᠥᠯᠥᠪᠯᠡᠭᠡ᠂ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠵᠡᠷᠭᠡ ᠶᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠢ 2 ᠴᠠᠭ ᠠᠴᠠ ᠣᠬᠤᠷ ᠪᠠᠶᠢᠯᠭᠠᠬᠤ ᠦᠭᠡᠢ ᠪᠠᠶᠢᠬᠤ ᠶᠢ ᠪᠠᠲᠤᠯᠠᠵᠤ᠂ ᠰᠤᠷᠤᠬᠴᠢᠳ ᠤᠨ ᠢᠳᠡᠪᠬᠢᠲᠡᠢ ᠰᠡᠳᠬᠢᠴᠡ ᠶᠢᠨ ᠬᠡᠪ ᠴᠢᠨᠠᠷ ᠢ ᠪᠦᠭᠦ ᠲᠠᠯ᠎ᠠ ᠪᠠᠷ ᠪᠣᠶᠢᠵᠢᠭᠤᠯᠤᠨ᠎ᠠ᠃ ᠬᠡᠦᠬᠡᠳ ᠢ ᠬᠥᠳᠡᠯᠭᠡᠵᠦ᠂ ᠦᠢᠯᠡᠳᠦᠯᠴᠡᠭᠦᠯᠵᠦ᠂ ᠢᠯᠡᠭᠦᠬᠡᠨ ᠨᠡᠷᠡ ᠦᠵᠡᠭᠦᠯᠵᠦ᠂ ᠰᠢᠨ᠎ᠡ ᠰᠣᠷᠭᠤᠭ ᠠᠭᠠᠷ ᠢᠯᠡᠭᠦᠬᠡᠨ ᠠᠮᠢᠰᠬᠤᠭᠤᠯᠬᠤ ᠬᠡᠷᠡᠭᠲᠡᠢ᠃      ᠲᠣᠭᠲᠠᠴᠠ ᠶᠢᠨ ᠪᠠᠲᠤᠯᠠᠭ᠎ᠠ ᠶᠢᠨ ᠲᠠᠯ᠎ᠠ ᠪᠠᠷ᠂ ᠰᠤᠷᠭᠠᠨ ᠬᠥᠮᠦᠵᠢᠯ ᠤᠨ ᠶᠠᠮᠤᠨ ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ᠂ ︽ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ︾ ᠶᠢᠨ  ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠰᠠᠯᠠᠭ᠎ᠠ ᠮᠥᠴᠢᠷ ᠤᠨ ᠡᠬᠢ ᠪᠠᠶᠠᠯᠢᠭ ᠢ ᠳᠠᠶᠢᠴᠢᠯᠠᠵᠤ᠂ ᠨᠡᠶᠢᠭᠡᠮ ᠤᠨ ᠬᠦᠴᠦᠨ ᠲᠠᠢ ᠬᠠᠮᠵᠢᠯᠴᠠᠨ᠂ ᠡᠮ ᠡᠮᠨᠡᠯᠭᠡ ᠰᠤᠷᠭᠠᠨ ᠬᠥᠮᠦᠵᠢᠯ ᠬᠠᠷᠢᠯᠴᠠᠨ ᠠᠬᠢᠭᠤᠯᠬᠤ᠂ ᠪᠡᠶ᠎ᠡ ᠮᠠᠬᠠᠪᠤᠳ ᠰᠤᠷᠭᠠᠨ ᠬᠥᠮᠦᠵᠢᠯ ᠬᠠᠷᠢᠯᠴᠠᠨ ᠠᠭᠤᠰᠤᠯᠴᠠᠬᠤ᠂ ᠭᠡᠷ ᠪᠦᠯᠢ ᠰᠤᠷᠭᠠᠭᠤᠯᠢ ᠬᠠᠷᠢᠯᠴᠠᠨ ᠬᠥᠳᠡᠯᠦᠯᠴᠡᠬᠦ᠂ ᠨᠡᠶᠢᠭᠡᠮ ᠤᠨ ᠰᠤᠷᠭᠠᠨ ᠬᠥᠮᠦᠵᠢᠯ ᠰᠤᠷᠭᠠᠭᠤᠯᠢ ᠶᠢᠨ ᠰᠤᠷᠭᠠᠨ ᠬᠥᠮᠦᠵᠢᠯ ᠭᠡᠷ ᠪᠦᠯᠢ ᠶᠢᠨ ᠰᠤᠷᠭᠠᠨ ᠬᠥᠮᠦᠵᠢᠯ ᠬᠠᠮᠵᠢᠯᠴᠠᠬᠤ ᠵᠡᠷᠭᠡ ᠲᠠᠯ᠎ᠠ ᠪᠠᠷ ᠬᠢ ᠬᠤᠯᠪᠣᠭᠠᠯᠠᠯ ᠢᠶᠠᠨ ᠴᠢᠩᠭᠠᠳᠬᠠᠵᠤ᠂ ᠰᠤᠷᠤᠬᠴᠢᠳ ᠤᠨ ᠪᠦᠭᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠣᠶᠢᠵᠢᠬᠤ ᠴᠢᠬᠤᠯᠠ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠪᠣᠯᠣᠨ᠎ᠠ᠃     ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号