ᠮᠠᠨ ᠤ ᠣᠷᠣᠨ ᠪᠠᠭᠰᠢ ᠰᠤᠷᠤᠬᠴᠢᠳ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠣᠳᠠᠲᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/9/3
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠮᠤᠷ ᠲᠦᠪᠰᠢᠨ ᠤ ᠠᠵᠢᠯ ᠢ  ᠪᠣᠳᠠᠲᠠᠢ ᠪᠠᠶᠢᠷᠢᠯᠠᠭᠤᠯᠪᠠ᠃      ︽ᠮᠡᠳᠡᠭᠳᠡᠯ︾ ᠳᠤ᠂ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠤᠰᠤᠨ ᠳᠤ ᠴᠠᠴᠠᠬᠤ᠂ ᠳᠣᠷᠣᠮᠵᠢᠯᠠᠬᠤ᠂ ᠪᠡᠯᠭᠡ ᠶᠢᠨ ᠬᠠᠯᠳᠠᠯᠭ᠎ᠠ ᠳᠤ ᠤᠴᠠᠷᠠᠬᠤ᠂ ᠮᠡᠬᠡᠯᠡᠨ ᠬᠤᠳᠠᠯᠳᠤᠬᠤ᠂ ᠵᠣᠭᠤᠰ ᠨᠠᠭᠠᠳᠬᠤ ᠵᠡᠷᠭᠡ ᠶᠢ ᠰᠡᠷᠭᠡᠶᠢᠯᠡᠬᠦ ᠪᠠ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠶᠢᠨ ᠲᠣᠭᠤᠷᠢᠨ ᠳᠤ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠮᠤᠷ ᠲᠦᠪᠰᠢᠨ ᠤ ᠠᠩᠬᠠᠨ ᠤ ᠬᠢᠴᠢᠶᠡᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ᠃ ᠰᠢᠨ᠎ᠡ ᠰᠤᠷᠤᠬᠴᠢᠳ ᠤᠨ ᠰᠤᠷᠭᠠᠭᠤᠯᠢ ᠳᠤ ᠣᠷᠣᠬᠤ ᠠᠮᠤᠷ ᠲᠦᠪᠰᠢᠨ ᠤ ᠬᠥᠮᠦᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠰᠢᠨ᠎ᠡ ᠰᠤᠷᠤᠬᠴᠢᠳ ᠤᠨ ᠭᠠᠯ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠴᠠᠭᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ᠂ ᠡᠷᠡᠭᠦᠯ ᠪᠤᠰᠤ ᠰᠦᠯᠵᠢᠶᠡᠨ ᠤ ᠵᠢᠭᠡᠯᠡᠯᠭᠡ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠥᠮᠦᠵᠢᠯ ᠪᠠ ᠵᠢᠯᠣᠭᠤᠳᠤᠯᠭ᠎ᠠ ᠶᠢ ᠰᠠᠶᠢᠲᠤᠷ ᠬᠢᠵᠦ᠂ ᠰᠢᠨ᠎ᠡ ᠰᠤᠷᠤᠬᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠰᠤᠷᠤᠬᠴᠢᠳ ᠤᠨ ᠴᠡᠷᠢᠭ ᠤᠨ ᠪᠣᠯᠪᠠᠰᠤᠷᠠᠯ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭ᠎ᠠ ᠵᠣᠬᠢᠶᠠᠨ ᠪᠠᠶᠢᠭᠤᠯᠵᠤ᠂ ᠬᠠᠤᠯᠢ ᠪᠠᠷ ᠵᠠᠰᠠᠬᠤ ᠬᠥᠮᠦᠵᠢᠯ ᠪᠣᠯᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠠᠵᠢᠯ ᠢ ᠴᠡᠷᠢᠭ ᠤᠨ ᠪᠣᠯᠪᠠᠰᠤᠷᠠᠯ ᠤᠨ ᠬᠢᠴᠢᠶᠡᠯ ᠳᠤ ᠣᠷᠣᠭᠤᠯᠵᠤ᠂ ᠠᠮᠤᠷ ᠲᠦᠪᠰᠢᠨ ᠤ ᠬᠥᠮᠦᠵᠢᠯ ᠤᠨ ᠰᠢᠷᠢᠰ ᠸᠢᠳᠢᠤ᠋  ᠦᠵᠡᠭᠦᠯᠵᠦ᠂ ᠴᠡᠷᠢᠭ ᠤᠨ ᠪᠣᠯᠪᠠᠰᠤᠷᠠᠯ ᠤᠨ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠨᠢᠭᠡ ᠤᠳᠠᠭ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠰᠤᠷᠭᠠᠭᠤᠯᠢ ᠶᠢᠨ ᠭᠡᠷ ᠪᠠᠶᠢᠰᠢᠩ᠂ ᠰᠢᠷᠡᠭᠡ ᠰᠠᠨᠳᠠᠯᠢ᠂ ᠣᠷᠣ ᠶᠢᠨ ᠬᠡᠷᠡᠭᠰᠡᠯ᠂ ᠵᠢᠭᠠᠨ ᠰᠤᠷᠭᠠᠯᠲᠠ ᠶᠢᠨ ᠪᠠᠭᠠᠵᠢ ᠲᠥᠬᠦᠭᠡᠷᠦᠮᠵᠢ᠂ ᠰᠤᠷᠭᠠᠭᠤᠯᠢ ᠶᠢᠨ ᠬᠤᠭᠤᠯᠠᠨ ᠭᠡᠷ᠂ ᠪᠠᠶᠢᠷᠢ ᠶᠢᠨ ᠭᠡᠷ᠂ ᠬᠢᠴᠢᠶᠡᠯ ᠤᠨ ᠭᠡᠷ ᠵᠡᠷᠭᠡ ᠰᠤᠷᠤᠬᠴᠢᠳ ᠤᠨ ᠠᠵᠢᠯᠯᠠᠭᠠᠨ ᠤ ᠲᠠᠯᠠᠪᠤᠷ ᠭᠠᠵᠠᠷ ᠵᠢᠴᠢ ᠲᠤᠨᠤᠭ ᠲᠥᠬᠦᠭᠡᠷᠦᠮᠵᠢ ᠶᠢ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠲᠣᠭᠲᠠᠭᠰᠠᠨ ᠬᠤᠭᠤᠴᠠᠭᠠᠨ ᠳᠠᠭᠠᠨ ᠬᠡᠪ ᠤᠨ ᠶᠣᠰᠣᠭᠠᠷ ᠰᠤᠷᠭᠠᠭᠤᠯᠢ ᠡᠬᠢᠯᠡᠬᠦ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠬᠤᠳᠠᠯᠳᠤᠭᠠᠨ ᠤ ᠳᠡᠯᠭᠡᠭᠦᠷ᠂ ᠵᠤᠭ᠎ᠠ ᠴᠡᠩᠭᠡᠯ ᠤᠨ ᠲᠠᠯᠠᠪᠤᠷ᠂ ᠰᠦᠯᠵᠢᠶᠡᠨ ᠤ ᠪᠠᠭᠠᠷ᠂ KTV᠂ ᠵᠣᠴᠢᠳ ᠤᠨ ᠪᠠᠭᠤᠳᠠᠯ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ ᠢ ᠵᠢᠷᠤᠮᠵᠢᠭᠤᠯᠤᠨ ᠴᠡᠭᠴᠡᠯᠡᠨ ᠵᠠᠰᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠵᠤᠭ᠎ᠠ ᠴᠡᠩᠭᠡᠯ ᠤᠨ ᠵᠣᠬᠢᠰ ᠦᠭᠡᠢ ᠲᠠᠯᠠᠪᠤᠷ ᠲᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠱᠠᠭᠠᠷᠳᠠᠪᠠ᠃      ︽ᠮᠡᠳᠡᠭᠳᠡᠯ︾ ᠳᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠮᠠᠨ ᠤ ᠣᠷᠣᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠪᠠ ᠰᠣᠷᠣᠬᠴᠢ ᠶᠢᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠬᠢᠨᠠᠮᠠᠭᠠᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠤᠰᠬᠠᠢ ᠵᠠᠰᠠᠯᠲᠠ ᠶᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯᠲᠠᠳ ᠤᠨ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠢ ᠮᠡᠷᠭᠡᠵᠢᠯᠲᠡᠨ ᠤ ᠵᠥᠪᠯᠡᠯᠭᠡ ᠥᠭᠬᠦ ᠵᠥᠪᠯᠡᠯ ᠤᠨ ᠪᠠᠶᠢᠭᠤᠯᠤᠯᠲᠠ ᠶᠢ ᠥᠷᠨᠢᠭᠦᠯᠵᠦ᠂ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ︽ᠮᠡᠳᠡᠭᠳᠡᠯ︾ ᠳᠤ ᠪᠠᠰᠠ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ ᠪᠠᠨ ᠬᠢᠴᠢᠶᠡᠯ ᠰᠤᠷᠤᠯᠭ᠎ᠠ ᠶᠢᠨ ᠰᠢᠯᠭᠠᠯᠲᠠ ᠬᠢᠵᠦ ᠪᠤᠯᠬᠤ ᠦᠭᠡᠢ᠂ ᠳᠠᠰᠬᠠᠯ ᠳᠠᠭᠠᠭᠠᠯᠭᠠᠪᠤᠷᠢ ᠶᠢ ᠳᠠᠷᠤᠶᠢᠬᠠᠨ ᠲᠤᠰᠢᠶᠠᠬᠤ ᠪᠠᠷ ᠱᠠᠭᠠᠷᠳᠠᠵᠤ ᠪᠤᠯᠬᠤ ᠦᠭᠡᠢ᠂ ᠬᠢᠨᠠᠨ ᠰᠢᠯᠭᠠᠯᠲᠠ ᠶᠢᠨ ᠨᠡᠷᠡᠰ ᠤᠨ ᠵᠢᠭᠰᠠᠭᠠᠯᠲᠠ ᠬᠢᠵᠦ ᠪᠤᠯᠬᠤ ᠦᠭᠡᠢ᠃ ᠭᠡᠷ ᠪᠦᠯᠢ ᠪᠠ ᠰᠤᠷᠭᠠᠭᠤᠯᠢ ᠶᠢᠨ ᠬᠠᠮᠲᠤᠷᠠᠭᠰᠠᠨ ᠰᠡᠳᠬᠢᠴᠡ ᠶᠢᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠣᠨᠴᠠᠭᠠᠶ ᠰᠣᠷᠣᠬᠴᠢᠳ ᠢ ᠪᠦᠭᠦ ᠲᠠᠯ᠎ᠠ ᠪᠠᠷ ᠣᠶᠢᠯᠠᠭᠠᠬᠤ ᠶᠢᠨ ᠬᠠᠮᠲᠤ ᠭᠤᠣᠯᠳᠠᠯᠭ᠎ᠠ ᠲᠠᠢ ᠠᠩᠬᠠᠷᠴᠤ᠂ ᠲᠤᠰᠬᠠᠢ ᠬᠠᠪᠰᠤᠷᠤᠨ ᠵᠢᠯᠤᠭᠤᠳᠬᠤ ᠪᠠ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号