︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠠᠷᠠᠳ ᠤᠨ ᠠᠮᠢᠳᠤᠷᠠᠯ ᠤᠨ ᠪᠠᠰᠠ ᠨᠢᠭᠡᠨ ᠲᠣᠮᠣ ᠢᠨᠵᠧᠨᠧᠷᠢᠩ
ᠨᠡᠶᠢᠲᠡᠯᠡᠭᠰᠡᠨ ᠴᠠᠭ᠄
2024/9/3
     ᠬᠠᠮᠢᠭ᠎ᠠ ᠣᠴᠢᠵᠤ  ᠪᠡᠶ᠎ᠡ ᠴᠢᠭᠢᠷᠠᠭᠵᠢᠭᠤᠯᠬᠤ ᠪᠤᠢ︖ ᠡᠨᠡ ᠪᠣᠯ ᠬᠥᠮᠥᠰ ᠤᠨ ᠡᠳᠦᠷ ᠲᠤᠲᠤᠮ ᠤᠨ ᠠᠮᠢᠳᠤᠷᠠᠯ ᠳᠤᠮᠳᠠ ᠨᠡᠶᠢᠳᠡᠮ ᠠᠩᠬᠠᠷᠴᠤ ᠪᠠᠶᠢᠭ᠎ᠠ ᠶᠠᠪᠤᠳᠠᠯ ᠮᠥᠨ᠂ ᠪᠠᠰᠠ ᠴᠤ ᠡᠯ᠎ᠡ ᠱᠠᠲᠤᠨ ᠤ ᠵᠠᠰᠠᠭ ᠤᠨ ᠣᠷᠳᠣᠨ ᠤ  ᠶᠡᠭᠡ ᠬᠦᠴᠦ ᠣᠷᠣᠭᠤᠯᠵᠤ ᠰᠢᠢᠳᠪᠦᠷᠢᠯᠡᠵᠦ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠰᠤᠯᠠ ᠭᠠᠵᠠᠷ᠂ ᠴᠡᠴᠡᠷᠯᠢᠭ ᠤᠨ ᠵᠦᠯᠭᠡ ᠭᠠᠵᠠᠷ᠂ ᠬᠤᠲᠠ ᠶᠢᠨ ᠠᠭᠤᠳᠠᠮ ᠲᠠᠯᠠᠪᠠᠶ ᠵᠡᠷᠭᠡ ᠰᠤᠯᠠ ᠭᠠᠵᠠᠷ ᠢ ᠭᠦᠢᠴᠡᠳ ᠠᠰᠢᠭᠯᠠᠨ᠂︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ  ᠬᠦᠴᠦᠯᠡᠨ ᠪᠠᠶᠢᠭᠤᠯᠵᠤ᠂ ᠠᠷᠠᠳ ᠢᠷᠭᠡᠳ ᠲᠤ ︽ᠭᠡᠷ ᠤᠨ ᠡᠭᠦᠳᠡᠨ︾ ᠳᠤ   ᠪᠠᠨ  ᠪᠡᠶ᠎ᠡ ᠴᠢᠭᠢᠷᠠᠭᠵᠢᠭᠤᠯᠬᠤ ᠴᠢᠨᠠᠷ ᠰᠠᠶᠢᠲᠠᠢ ᠣᠷᠴᠢᠨ ᠲᠣᠭᠤᠷᠢᠨ ᠢ ᠡᠭᠦᠳᠦᠨ ᠥᠭᠴᠦ ᠪᠤᠢ᠃      ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠳᠬᠡᠬᠦ᠂ ᠲᠠᠯᠠᠪᠠᠶ ᠣᠷᠳᠣᠨ ᠤ ᠲᠥᠬᠦᠭᠡᠷᠦᠮᠵᠢ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠣᠷᠣᠨ ᠤ ᠲᠥᠬᠦᠭᠡᠷᠦᠮᠵᠢ ᠪᠦᠷᠢᠨ ᠲᠡᠭᠦᠯᠳᠡᠷ᠂ ᠣᠨᠴᠠᠯᠢᠭ ᠢᠯᠡ ᠲᠣᠳᠣ ᠨᠢᠭᠡ ᠪᠦᠯᠦᠭ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠢ ᠴᠢᠯᠦᠭᠡᠲᠡᠢ ᠨᠡᠭᠡᠭᠡᠵᠦ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠠᠶᠢᠴᠢᠯᠠᠪᠠ᠃ ᠣᠳᠣᠬᠠᠨ ᠳᠤ᠂ 14 ᠳᠤᠮᠳᠠᠳᠤ ᠪᠠᠭ᠎ᠠ ᠰᠤᠷᠭᠠᠭᠤᠯᠢ ᠶᠢᠨ ᠭᠡᠷ ᠳᠣᠲᠣᠷᠠᠬᠢ ᠪᠡᠶ᠎ᠡ ᠶᠢᠨ ᠲᠠᠮᠢᠷ ᠤᠨ ᠣᠷᠳᠣᠨ ᠢ ᠨᠡᠶᠢᠭᠡᠮ ᠳᠤ ᠬᠠᠨᠳᠤᠭᠤᠯᠤᠨ ᠴᠢᠯᠦᠭᠡᠲᠡᠢ ᠨᠡᠭᠡᠭᠡᠵᠦ᠂  ᠨᠡᠶᠢᠭᠡᠮ ᠤᠨ ᠪᠡᠶ᠎ᠡ ᠶᠢᠨ ᠲᠠᠮᠢᠷ ᠤᠨ  ᠬᠥᠳᠡᠯᠭᠡᠭᠡᠨ ᠤ ᠠᠭᠤᠷ ᠠᠮᠢᠰᠬᠤᠯ ᠢ ᠥᠳᠬᠡᠨ ᠵᠤᠵᠠᠭᠠᠨ ᠪᠤᠯᠭᠠᠵᠦ᠂ ᠪᠡᠶ᠎ᠡ ᠴᠢᠭᠢᠷᠠᠭᠵᠢᠭᠤᠯᠬᠤ ᠨᠢ ᠣᠯᠠᠨ ᠲᠦᠮᠡᠨ ᠤ ᠬᠦᠷᠢᠶᠡᠯᠡᠯ ᠢ ᠣᠯᠣᠭᠰᠠᠨ ᠨᠢᠭᠡ ᠵᠦᠢᠯ ᠤᠨ ᠠᠮᠢᠳᠤᠷᠠᠯ ᠤᠨ ᠠᠷᠭ᠎ᠠ ᠭᠡᠯᠪᠡᠷᠢ ᠪᠣᠯᠵᠠᠢ᠃ ᠭᠦᠭᠡᠬᠤᠲᠠ ᠶᠢᠨ ᠳᠠᠯᠠᠨ ᠬᠠᠷ᠎ᠠ ᠠᠭᠤᠯᠠ ᠶᠢᠨ ᠠᠭᠤᠯᠠ ᠠᠪᠠᠷᠢᠵᠤ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠪᠤᠭᠤᠲᠤ ᠬᠤᠲᠠ ᠶᠢᠨ 12 ᠺᠢᠯᠣᠮᠧᠲᠷ ᠤᠨ ᠬᠤᠳᠠ ᠲᠣᠭᠤᠷᠢᠭᠰᠠᠨ ᠵᠦᠯᠭᠡᠨ ᠵᠠᠮ᠂ ᠣᠷᠳᠣᠰ ᠤᠨ ᠣᠶᠤᠨᠴᠢ ᠪᠡᠶ᠎ᠡ ᠶᠢᠨ ᠲᠠᠮᠢᠷ ᠤᠨ ᠴᠡᠴᠡᠷᠯᠢᠭ ᠁ ᠵᠡᠷᠭᠡ ᠨᠢᠭᠡ ᠪᠦᠯᠦᠭ ᠪᠣᠬᠢᠷᠳᠤᠯ ᠦᠭᠡᠢ ᠠᠮᠢ ᠠᠬᠤᠢ ᠶᠢᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠵᠡᠷᠭᠡ ᠨᠢ ᠪᠦᠷ ᠤᠯᠠᠨ ᠲᠦᠮᠡᠨ ᠤ  ᠪᠡᠶ᠎ᠡ ᠴᠢᠭᠢᠷᠠᠭᠵᠢᠭᠤᠯᠬᠤ ᠱᠠᠭᠠᠷᠳᠠᠯᠭ᠎ᠠ ᠶᠢ ᠬᠠᠩᠭᠠᠵᠤ ᠪᠠᠶᠢᠨ᠎ᠠ᠃      ᠭᠡᠷ ᠳᠣᠲᠣᠷᠠᠬᠢ ᠪᠡᠶ᠎ᠡ ᠶᠢᠨ ᠲᠠᠮᠢᠷ ᠤᠨ ᠣᠷᠳᠣᠨ᠂ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠭᠡᠰᠡᠨ ᠦᠭᠡᠢ᠂   ᠤᠯᠠᠨ ᠲᠦᠮᠡᠨ ᠳᠤ ᠲᠥᠭᠦᠮ ᠳᠥᠲᠡ ︽ᠬᠠᠷᠮᠠᠨ ᠴᠡᠴᠡᠷᠯᠢᠭ︾ ᠭᠡᠰᠡᠨ ᠦᠭᠡᠢ᠂ ᠴᠥᠮ ᠬᠤᠲᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠭᠠᠵᠠᠷ ᠪᠣᠯᠤᠭᠰᠠᠨ ᠪᠠᠶᠢᠨ᠎ᠠ᠃ ᠣᠳᠣᠬᠠᠨ ᠳᠤ ᠮᠠᠨ ᠤ ᠣᠷᠣᠨ 49 ᠪᠡᠶ᠎ᠡ ᠶᠢᠨ ᠲᠠᠮᠢᠷ ᠤᠨ ᠴᠡᠴᠡᠷᠯᠢᠭ᠂ 44 ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ 38 ᠮᠥᠰᠥ ᠲᠡᠰᠢᠬᠦ ᠲᠠᠯᠠᠪᠠᠶ᠂ 109 ᠣᠯᠠᠨ ᠴᠢᠳᠠᠪᠬᠢᠲᠤ ᠲᠠᠮᠢᠷ ᠤᠨ ᠲᠠᠯᠠᠪᠠᠶ᠂ 445 ᠺᠢᠯᠣᠮᠧᠲᠷ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂  144 ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠨᠡᠶᠢᠭᠡᠮ ᠨᠡᠶᠢᠲᠡ ᠳᠤ ᠦᠨ᠎ᠡ ᠲᠥᠯᠥᠪᠦᠷᠢ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠴᠢᠯᠦᠭᠡᠲᠡᠢ ᠨᠡᠭᠡᠭᠡᠬᠦ ᠶᠢ ᠠᠬᠢᠭᠤᠯᠪᠠ᠃ ᠡᠨᠡ ᠨᠢ 70% ᠠᠴᠠ ᠳᠡᠭᠡᠭᠰᠢᠬᠢ ᠬᠤᠰᠢᠭᠤ ᠰᠢᠶᠠᠨ︵ᠬᠤᠲᠠ᠂ ᠲᠣᠭᠤᠷᠢᠭ︶ ᠢ ᠬᠠᠮᠤᠷᠴᠤ᠂ ᠵᠢᠯ ᠳᠤ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠢ 1300 ᠲᠦᠮᠡ ᠭᠠᠷᠤᠢ ᠬᠥᠮᠥᠨ ᠤᠳᠠᠭ᠎ᠠ ᠭᠥᠯᠢᠶᠡᠨ ᠠᠪᠴᠤ ᠪᠤᠢ᠃      ᠪᠡᠶ᠎ᠡ ᠶᠢᠨ ᠲᠠᠮᠢᠷ ᠤᠨ ᠣᠷᠳᠣᠨ᠂ ᠠᠭᠤᠳᠠᠮ ᠲᠠᠯᠠᠪᠠᠶ᠂ ︽ᠬᠠᠷᠮᠠᠨ ᠴᠡᠴᠡᠷᠯᠢᠭ︾᠂ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠥᠪ ᠵᠡᠷᠭᠡ ᠲᠠᠯᠠᠪᠤᠷ ᠲᠥᠬᠦᠭᠡᠷᠦᠮᠵᠢ ᠨᠢ ᠠᠷᠠᠳ ᠣᠯᠠᠨ ᠤ ᠠᠮᠢᠳᠤᠷᠠᠯ ᠳᠤ ᠲᠤᠩ ᠲᠦᠭᠦᠮ ᠦᠵᠡᠭᠦᠯᠵᠦ᠂ ᠣᠯᠠᠨ ᠲᠦᠮᠡᠨ ᠤ ︽ᠬᠠᠮᠢᠭ᠎ᠠ ᠣᠴᠢᠵᠤ  ᠪᠡᠶ᠎ᠡ ᠴᠢᠭᠢᠷᠠᠭᠵᠢᠭᠤᠯᠬᠤ︾  ᠠᠰᠠᠭᠤᠳᠠᠯ ᠳᠤ ᠨᠠᠩ ᠣᠯᠠᠨ ᠰᠣᠩᠭᠤᠯᠲᠠ ᠲᠠᠢ ᠪᠤᠯᠭᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠦᠭᠦ ᠠᠷᠠᠳ ᠤᠨ ᠡᠷᠡᠭᠦᠯ ᠴᠢᠭᠢᠷᠠᠭ ᠤᠨ ᠠᠭᠤᠰᠤᠯᠴᠠᠯ ᠢ ᠠᠬᠢᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ  ᠨᠡᠮᠡᠭᠳᠡᠭᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号