ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠵᠢᠴᠢ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/4
     ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠵᠢᠴᠢ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠲᠤᠬᠠᠢ ᠶᠢᠨ ᠭᠠᠵᠠᠷ ᠲᠤᠨᠢ ᠬᠠᠷᠢᠭᠤ ᠮᠡᠳᠡᠭᠦᠯᠬᠦ ᠵᠡᠷᠭᠡ ᠬᠡᠯᠪᠡᠷᠢ ᠪᠠᠷ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠵᠢᠴᠢ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠠᠬᠢᠴᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃
            ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠨᠡᠶᠢᠭᠡᠮ ᠲᠣᠭᠤᠷᠢᠭ ᠤᠨ ᠨᠠᠢ ᠯᠦᠨ ᠪᠠᠭ᠎ᠠ ᠲᠣᠭᠤᠷᠢᠭ ᠪᠣᠯᠣᠨ ᠰᠠᠨ ᠮᠣᠣ ᠪᠠᠭ᠎ᠠ ᠲᠣᠭᠤᠷᠢᠭ ᠲᠤ᠂ ᠲᠥᠯᠥᠭᠡᠯᠡᠭᠴᠢᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠪᠣᠯᠣᠨ ᠳᠤᠯᠠᠭᠠᠯᠠᠭ᠎ᠠ ᠶᠢᠨ ᠬᠤᠭᠤᠯᠠᠢ ᠶᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠤᠨ ᠶᠠᠰᠤ ᠴᠢᠨᠠᠷ ᠪᠣᠯᠣᠨ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ ᠤᠨ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠠᠭᠤᠭᠠᠯᠢ ᠠᠷᠠᠳ ᠢ ᠡᠷᠬᠢᠨ ᠦᠵᠡᠵᠦ᠂ ᠰᠠᠭᠤᠭᠠᠯᠢ ᠠᠷᠠᠳ ᠤᠨ ᠳᠤᠷᠠᠳᠤᠭᠰᠠᠨ ᠰᠠᠨᠠᠭᠤᠯᠭ᠎ᠠ ᠪᠣᠯᠣᠨ ᠰᠠᠨᠠᠯ ᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠰᠠᠭᠤᠭᠠᠯᠢ ᠠᠷᠠᠳ ᠤᠨ ᠳᠤᠷᠠᠳᠤᠭᠰᠠᠨ ᠰᠠᠨᠠᠯ᠂ ᠰᠠᠨᠠᠭᠤᠯᠭ᠎ᠠ ᠶᠢᠨ ᠲᠤᠬᠠᠢ ᠪᠠᠷᠢᠯᠭ᠎ᠠ ᠶᠢᠨ ᠨᠢᠭᠡᠴᠡ ᠲᠠᠢ ᠨᠡᠪᠲᠡᠷᠡᠯᠴᠡᠵᠦ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠣᠶᠢᠷᠠᠲᠤᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠪᠡ᠃            ᠲᠥᠯᠥᠭᠡᠯᠡᠭᠴᠢᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠢᠴᠢ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠪᠠᠷᠢᠯᠭ᠎ᠠ ᠶᠢᠨ ᠪᠠᠶᠢᠳᠠᠯ ᠪᠣᠯᠣᠨ ᠬᠠᠮᠢᠶᠠᠷᠤᠯᠲᠠ ᠶᠢᠨ ᠪᠠᠶᠢᠳᠠᠯ ᠢ ᠭᠦᠢᠴᠡᠳ ᠨᠤᠲᠠᠯᠠᠵᠤ᠂ ᠡᠨᠡ ᠬᠤᠶᠠᠷ ᠵᠦᠢᠯ ᠤᠨ ᠢᠨᠵᠧᠨᠧᠷᠢᠩ ᠠᠷᠠᠳ ᠲᠤ ᠠᠰᠢᠭ ᠬᠦᠷᠲᠡᠭᠡᠬᠦ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠭᠤᠶᠣᠵᠢᠭᠤᠯᠬᠤ᠂ ᠬᠤᠳᠠ ᠶᠢᠨ ᠰᠢᠨ᠎ᠡ ᠳᠦᠷᠰᠦ ᠪᠠᠶᠢᠳᠠᠯ ᠢ ᠪᠦᠲᠦᠭᠡᠬᠦ ᠵᠠᠩᠭᠢᠯᠠᠭ᠎ᠠ ᠶᠢᠨ ᠠᠯᠬᠤᠮ ᠳᠠᠷᠠᠭ᠎ᠠ ᠪᠣᠯᠣᠨ᠎ᠠ ᠭᠡᠵᠦ ᠰᠠᠨᠠᠯ ᠨᠢᠭᠡᠲᠡᠢ ᠦᠵᠡᠪᠡ᠃  ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠬᠤ ᠶᠠᠪᠤᠴᠠ ᠳᠤ᠂ ᠡᠷᠬᠡᠪᠰᠢ ᠰᠠᠭᠤᠭᠠᠯᠢ ᠠᠷᠠᠳ ᠤᠨ ᠬᠦᠰᠡᠯ ᠰᠠᠨᠠᠭ᠎ᠠ ᠪᠣᠯᠣᠨ ᠬᠡᠷᠡᠭᠴᠡᠭᠡ ᠶᠢ ᠥᠷᠭᠡᠨ ᠢᠶᠠᠷ ᠰᠣᠨᠣᠰᠤᠨ ᠬᠦᠨᠳᠦᠳᠬᠡᠵᠦ᠂ ᠰᠢᠢᠳᠪᠦᠷᠢᠲᠦ ᠪᠣᠳᠣᠯᠭ᠎ᠠ ᠨᠢᠭᠡᠪᠦᠷᠢ ᠶᠢ ᠴᠥᠮ ᠠᠷᠠᠳ ᠤᠨ ᠰᠡᠳᠬᠢᠯ ᠳᠤ ᠣᠶᠢᠷᠠᠲᠤᠭᠤᠯᠵᠤ᠂ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠲᠤ ᠦᠨᠡᠨ ᠪᠣᠳᠠᠲᠠᠢ ᠬᠠᠶᠢᠷ᠎ᠠ ᠬᠠᠯᠠᠮᠵᠢ ᠪᠣᠯᠣᠨ ᠬᠤᠪᠢᠷᠠᠯᠲᠠ ᠶᠢ ᠬᠦᠷᠲᠡᠭᠡᠬᠦ ᠬᠡᠷᠡᠭᠲᠡᠢ ᠭᠡᠵᠦ ᠲᠥᠯᠥᠭᠡᠯᠡᠭᠴᠢᠳ ᠰᠠᠨᠠᠭᠤᠯᠤᠭᠰᠠᠨ ᠪᠠᠶᠢᠨ᠎ᠠ᠃            ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ︽ᠳᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ ᠶᠠᠪᠤᠴᠠ ᠳᠤ᠂ ᠬᠥᠭᠦᠷᠭᠡ ᠬᠤᠯᠪᠣᠭᠠᠰᠤ ᠪᠠ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠷᠢᠯᠭ᠎ᠠ ᠶᠢᠨ ᠲᠥᠷᠥᠯ ᠵᠦᠢᠯ ᠢ ᠢᠳᠡᠪᠬᠢᠲᠡᠢ ᠪᠠᠷ ᠳᠠᠭᠠᠵᠤ᠂ ᠪᠠᠷᠢᠯᠭ᠎ᠠ ᠶᠢᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ᠳᠤᠯᠠᠭᠠᠯᠭ᠎ᠠ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠵᠤ᠂ ᠰᠠᠭᠤᠭᠠᠯᠢ ᠠᠷᠠᠳ ᠲᠤ ᠳᠤᠯᠠᠭᠠᠨ ᠪᠠ ᠬᠠᠯᠠᠮᠵᠢᠯᠠᠯ ᠢ ᠦᠨᠡᠨ ᠬᠦ ᠮᠡᠳᠡᠷᠡᠭᠦᠯᠵᠦ᠂ ᠬᠤᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ ᠭᠡᠵᠡᠢ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号