2024 ᠣᠨ ᠤ ᠪᠦᠭᠦ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮᠲᠤᠷᠠᠭᠰᠠᠨ ᠠᠵᠢᠯᠯᠠᠭ᠎ᠠ ᠶᠠᠪᠤᠭᠳᠠᠵᠠᠢ
ᠨᠡᠶᠢᠲᠡᠯᠡᠭᠰᠡᠨ ᠴᠠᠭ᠄
2024/9/4
    ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠰᠢᠨ᠎ᠡ ᠬᠤᠲᠠ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠢᠴᠢ ᠴᠢᠩ ᠱᠦᠢ ᠾᠧ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ·ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪᠲᠦ 2024 ᠣᠨ ᠤ ᠪᠦᠭᠦ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠭᠦᠳᠡᠯ ᠲᠡᠷᠭᠡ ᠶᠢᠨ ᠬᠠᠮᠲᠤᠷᠠᠭᠰᠠᠨ ᠠᠵᠢᠯᠯᠠᠭ᠎ᠠ ᠣᠶᠢᠷ᠎ᠠ ᠳᠤ ᠴᠢᠩ ᠱᠦᠢ ᠾᠧ ᠰᠢᠶᠠᠨ ᠤ ᠦᠭᠡᠷᠳᠤᠬᠤᠢ ᠶᠢᠨ ᠬᠠᠲᠤᠨ ᠭᠤᠣᠯ ᠤᠨ ᠶᠡᠭᠡ ᠬᠠᠪᠴᠢᠯ ᠤᠨ ᠦᠵᠡᠮᠵᠢ ᠶᠢᠨ ᠣᠷᠣᠨ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠨᠡᠭᠦᠳᠡᠯ ᠲᠡᠷᠭᠡ ᠨᠢ ᠨᠡᠭᠦᠳᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠪᠣᠯᠵᠤ᠂ ᠣᠷᠴᠢᠯᠠᠩ ᠤᠨ ᠨᠢᠭᠤᠴᠠ ᠠᠴᠠ ᠳᠡᠯᠡᠬᠡᠢ ᠶᠢᠨ ᠪᠥᠮᠪᠥᠷᠴᠡᠭ ᠤᠨ ᠣᠷᠴᠢᠨ ᠲᠣᠭᠤᠷᠢᠨ᠂ ᠠᠮᠢᠳᠤᠷᠠᠯ ᠤᠨ ᠶᠡᠷᠦ ᠶᠢᠨ ᠮᠡᠳᠡᠯᠭᠡ ᠠᠴᠠ ᠳᠡᠭᠡᠳᠦ ᠰᠢᠨ᠎ᠡ ᠮᠡᠷᠭᠡᠵᠢᠯ ᠭᠦᠷᠲᠡᠯ᠎ᠡ᠂ ᠲᠣᠰᠬᠤᠨ ᠤ ᠠᠷᠠᠳ ᠪᠠ ᠵᠢᠭᠤᠯᠴᠢᠯᠠᠬᠰᠠᠳ ᠲᠤ ᠡᠯᠪᠡᠭ ᠪᠠᠶᠠᠯᠢᠭ ᠰᠢᠨᠵᠢᠯᠡᠬᠦ ᠤᠬᠠᠭᠠᠨ ᠤ ᠮᠡᠳᠡᠯᠭᠡ ᠶᠢ ᠲᠠᠶᠢᠯᠪᠤᠷᠢᠯᠠᠵᠤ᠂ ᠠᠬᠤᠢ ᠲᠠᠯᠠᠪᠠᠢ ᠶᠢᠨ 500 ᠭᠠᠷᠤᠢ ᠬᠥᠮᠥᠨ ᠤ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ ᠪᠠᠰᠠ ︽ᠦᠶᠡᠷ ᠢ ᠰᠡᠷᠭᠡᠶᠢᠯᠡᠬᠦ ᠮᠡᠳᠡᠯᠭᠡ︾ ᠶᠢᠨ ᠤᠬᠠᠭᠤᠯᠭ᠎ᠠ ᠶᠢᠨ ᠰᠠᠮᠪᠠᠷ᠎ᠠ ᠶᠢ ᠣᠨᠴᠠᠭᠠᠶᠢᠯᠠᠨ ᠲᠣᠬᠢᠷᠠᠭᠤᠯᠵᠤ᠂ ︽ᠦᠶᠡᠷ ᠪᠠᠭᠤᠬᠤ ᠦᠶ᠎ᠡ ᠳᠤ ᠬᠡᠷᠬᠢᠨ ᠥᠪᠡᠷ ᠢ ᠪᠠᠨ ᠠᠪᠤᠷᠠᠬᠤ ᠪᠤᠶ︖︾᠂ ︽ᠦᠶᠡᠷ ᠤᠰᠤᠲᠤᠯ ᠤᠨ ᠪᠠᠴᠢᠮ ᠪᠠᠶᠢᠳᠠᠯ ᠢ ᠬᠡᠷᠬᠢᠨ ᠠᠷᠭᠠᠴᠠᠬᠤ ᠪᠤᠶ︖︾ ᠵᠡᠷᠭᠡ ᠠᠰᠠᠭᠤᠳᠠᠯ ᠤᠨ ᠲᠣᠭᠤᠷᠢᠨ ᠳᠤ ᠦᠶᠡᠷ ᠤᠰᠤᠳᠤᠯ ᠢ ᠰᠡᠷᠭᠡᠶᠢᠯᠡᠬᠦ ᠮᠡᠷᠭᠡᠵᠢᠯ ᠢ ᠢᠯᠡ ᠲᠣᠳᠣ ᠪᠥᠭᠡᠳ ᠠᠮᠠᠷᠬᠠᠨ ᠣᠶᠢᠯᠠᠭᠠᠭᠳᠠᠬᠤ ᠠᠷᠭ᠎ᠠ ᠭᠡᠯᠪᠡᠷᠢ ᠪᠠᠷ ᠣᠯᠠᠨ ᠨᠡᠶᠢᠲᠡ ᠳᠤ ᠳᠠᠮᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠬᠢᠨ ᠡᠯ᠎ᠡ ᠬᠤᠲᠠ᠂ ᠲᠣᠭᠤᠷᠢᠭ᠂ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号