| | ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠬᠠᠮᠤᠭ ᠤᠨ ᠰᠢᠨ᠎ᠡ | ᠲᠤᠭ᠎ᠠ ᠪᠦᠷᠢᠳᠬᠡᠯ ᠠᠴᠠ ᠦᠵᠡᠪᠡᠯ᠂ 7 ᠰᠠᠷ᠎ᠠ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠠᠷ᠎ᠠ ᠶᠢᠨ | ᠪᠣᠷᠤᠯᠠᠭᠤᠯᠭ᠎ᠠ ᠶᠢᠨ ᠬᠡᠮᠵᠢᠶ᠎ᠡ 53.5% ᠶᠢ ᠡᠵᠡᠯᠡᠵᠦ᠂ ᠠᠩᠬ᠎ᠠ ᠤᠳᠠᠭ᠎ᠠ ᠲᠣᠰᠣ ᠰᠢᠲᠠᠭᠠᠯᠭ᠎ᠠ ᠶᠢᠨ ᠮᠠᠰᠢᠨ | ᠲᠡᠷᠭᠡᠨ ᠠᠴᠠ ᠳᠠᠪᠠᠵᠠᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠠᠪᠤᠬᠤ ᠲᠤᠰᠤᠮ ᠥᠷᠭᠡᠳᠴᠦ᠂ | ᠪᠦᠷᠭᠦᠵᠢᠯᠲᠡ ᠶᠢᠨ ᠨᠣᠷᠮ᠎ᠠ ᠨᠢ ᠦᠷᠭᠦᠯᠵᠢᠯᠡᠨ ᠳᠡᠭᠡᠭᠰᠢᠯᠡᠭᠰᠡᠨ ᠪᠤᠯᠪᠠᠴᠤ ᠮᠥᠨ ᠬᠦ᠄ ︽ᠦᠨ᠎ᠡ ᠨᠢ ᠥᠨᠳᠥᠷ | ᠪᠠᠶᠢᠨ᠎ᠠ ᠭᠡᠬᠦ ᠬᠡᠷᠡᠭᠯᠡᠭᠴᠢ ᠶᠢᠨ ᠲᠤᠰᠬᠠᠯ᠂ ᠪᠡᠨ᠎ᠡ ᠪᠠᠨ ᠠᠯᠳᠠᠵᠤ ᠪᠠᠶᠢᠨ᠎ᠠ ᠭᠡᠬᠦ ᠠᠵᠤ ᠠᠬᠤᠶᠢᠯᠠᠯ ᠤᠨ ᠦᠭᠡ︾ ᠨᠢ | ᠵᠣᠬᠢᠬᠤ ᠬᠡᠮᠵᠢᠶᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠳᠤ ᠬᠠᠷᠰᠢ | ᠰᠠᠭᠠᠳ ᠪᠣᠯᠵᠤ ᠪᠤᠢ᠃ | | | | | | ᠵᠠᠯᠭᠠᠯᠳᠤᠭ᠎ᠠ ᠪᠠᠷ ᠳᠠᠭᠠᠳᠬᠠᠯ ᠢᠶᠠᠨ ᠬᠡᠷᠡᠭᠯᠡᠬᠦ ᠦᠭᠡᠢ ᠪᠣᠯ ᠮᠠᠰᠢᠨ ᠲᠡᠷᠭᠡᠨ ᠤ ᠳᠠᠭᠠᠳᠬᠠᠯ ᠤᠨ | ᠦᠷᠭᠦᠯᠵᠢᠯᠡᠨ ᠲᠤᠰᠢᠶᠠᠬᠤ ᠦᠨ᠎ᠡ ᠬᠠᠩᠰᠢ ᠨᠢ ᠪᠠᠭᠤᠷᠠᠳᠠᠭ ᠭᠡᠳᠡᠭ ᠪᠣᠯ ᠬᠥᠮᠥᠰ ᠤᠨ ᠮᠡᠳᠡᠳᠡᠭ ᠮᠠᠰᠢᠨ ᠲᠡᠷᠭᠡᠨ ᠤ | ᠶᠡᠷᠦ ᠶᠢᠨ ᠲᠠᠨᠢᠯᠲᠠ ᠭᠡᠵᠦ ᠬᠡᠯᠡᠵᠦ ᠪᠣᠯᠣᠨ᠎ᠠ᠃ ᠭᠡᠪᠡᠴᠦ ᠵᠠᠷᠢᠮ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠳᠠᠭᠠᠳᠬᠠᠯ ᠤᠨ ᠦᠷᠭᠦᠯᠵᠢᠯᠡᠨ ᠲᠤᠰᠢᠶᠠᠬᠤ ᠦᠨ᠎ᠡ ᠨᠢ ᠥᠰᠦᠭᠰᠡᠨ ᠬᠡᠷᠡᠭ ᠤᠨ ᠵᠢᠱᠢᠶ᠎ᠡ ᠨᠢ ᠡᠨᠡ ᠬᠦ ᠲᠠᠨᠢᠯᠲᠠ ᠶᠢ | ᠡᠪᠳᠡᠵᠡᠢ᠃ ᠣᠶᠢᠷ᠎ᠠ ᠳᠤ ᠨᠢᠭᠡᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠤ ᠬᠡᠯᠡᠬᠦ ᠪᠠᠷ ᠳᠠᠭᠠᠳᠬᠠᠯ | ᠬᠡᠷᠡᠭᠯᠡᠭᠰᠡᠨ ᠦᠭᠡᠢ ᠪᠠᠶᠢᠳᠠᠯ ᠳᠣᠣᠷ᠎ᠠ᠂ ᠬᠤᠶᠠᠳᠤᠭᠠᠷ ᠵᠢᠯ᠂ ᠭᠤᠷᠪᠠᠳᠤᠭᠠᠷ ᠵᠢᠯ ᠳᠤ ᠳᠠᠭᠠᠳᠬᠠᠯ ᠢᠶᠠᠨ ᠦᠷᠭᠦᠯᠵᠢᠯᠡᠨ | ᠲᠤᠰᠢᠶᠠᠬᠤ ᠦᠶᠡᠰ᠂ ᠰᠠᠨᠠᠭᠠᠨ ᠠᠴᠠ ᠭᠠᠳᠠᠭᠤᠷ ᠳᠠᠭᠠᠳᠬᠠᠯ ᠤᠨ ᠺᠤᠮᠫᠠᠨᠢ ᠶᠢᠨ ᠮᠡᠳᠡᠭᠦᠯᠦᠭᠰᠡᠨ ᠦᠨ᠎ᠡ ᠨᠢ ᠥᠰᠴᠦ᠂ | ᠬᠡᠳᠦᠨ ᠵᠠᠭᠤᠨ ᠲᠥᠭᠦᠷᠢᠭ ᠠᠴᠠ ᠮᠢᠩᠭᠠᠨ ᠲᠥᠭᠦᠷᠢᠭ ᠪᠤᠯᠲᠠᠯ᠎ᠠ ᠥᠰᠦᠭᠰᠡᠨ ᠭᠡᠵᠡᠢ᠃ | | | ᠰᠠᠨᠠᠭᠠᠨ ᠠᠴᠠ ᠭᠠᠳᠠᠭᠤᠷ ᠦᠨ᠎ᠡ ᠨᠢ ᠥᠰᠪᠡ | | | ᠣᠶᠢᠷ᠎ᠠ ᠳᠤ᠂ ᠵᠠᠷᠢᠮ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠠᠴᠠ ᠲᠦᠷᠦᠭᠦᠸ ᠨᠢᠭᠡ ᠵᠢᠯ ᠳᠤ | ᠳᠠᠭᠠᠳᠬᠠᠯ ᠬᠡᠷᠡᠭᠯᠡᠭᠰᠡᠨ ᠦᠭᠡᠢ ᠪᠤᠯᠪᠠᠴᠤ ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠭᠡᠲᠡᠯ᠎ᠡ ᠳᠠᠭᠠᠳᠬᠠᠯ ᠤᠨ | ᠦᠨ᠎ᠡ ᠨᠢ ᠬᠡᠳᠦᠨ ᠵᠠᠭᠤ ᠭᠠᠷᠤᠢ ᠴᠢᠨᠠᠭᠰᠢᠯᠠᠭᠠᠳ ᠮᠢᠩᠭᠠᠨ ᠲᠥᠭᠦᠷᠢᠭ ᠭᠦᠷᠲᠡᠯ᠎ᠡ ᠥᠰᠦᠭᠰᠡᠨ ᠭᠡᠵᠡᠢ᠃ | | | ︽ᠨᠠᠳᠠ ᠳᠤ ᠦᠨ᠎ᠡ ᠮᠡᠳᠡᠭᠦᠯᠦᠭᠰᠡᠨ ᠭᠤᠷᠪᠠᠨ ᠺᠤᠮᠫᠠᠨᠢ ᠶᠢᠨ ᠬᠤᠶᠠᠷ ᠨᠢ ᠲᠣᠮᠣ ᠳᠠᠭᠠᠳᠬᠠᠯ ᠤᠨ ᠺᠤᠮᠫᠠᠨᠢ | ᠪᠠᠶᠢᠵᠤ᠂ ᠨᠢᠭᠡ ᠨᠢ 6900 ᠲᠥᠭᠦᠷᠢᠭ᠂ ᠨᠥᠭᠦᠭᠡ ᠨᠢ 7700 ᠲᠥᠭᠦᠷᠢᠭ ᠭᠡᠵᠡᠢ;ᠪᠠᠭ᠎ᠠ ᠰᠢᠭ᠋ | ᠳᠠᠭᠠᠳᠬᠠᠯ ᠤᠨ ᠺᠤᠮᠫᠠᠨᠢ ᠶᠢᠨ ᠮᠡᠳᠡᠭᠦᠯᠦᠭᠰᠡᠨ ᠦᠨ᠎ᠡ ᠨᠢ ᠴᠦ 7000 ᠭᠠᠷᠤᠢ ᠲᠥᠭᠦᠷᠢᠭ ᠪᠠᠶᠢᠵᠤ᠂ 900 | ᠲᠥᠭᠦᠷᠢᠭ ᠤᠨ ᠪᠡᠯᠡᠨ ᠵᠣᠭᠤᠰ ᠪᠤᠴᠠᠭᠠᠨ᠎ᠠ ᠭᠡᠵᠡᠢ᠂ ᠭᠡᠪᠡᠴᠦ ᠥᠩᠭᠡᠷᠡᠭᠰᠡᠨ ᠤ ᠬᠢ ᠲᠠᠢ ᠬᠠᠷᠢᠴᠠᠭᠤᠯᠪᠠᠯ ᠪᠠᠭ᠎ᠠ | ᠪᠤᠰᠤ ᠥᠰᠴᠡᠢ︾ ᠭᠡᠵᠦ ᠵᠢᠶᠠᠩᠰᠤ ᠮᠤᠵᠢ ᠶᠢᠨ ᠶᠠᠨ ᠴᠧᠩ ᠤᠨ ᠲᠧᠰᠯᠠ ᠮᠠᠰᠢᠨ ᠲᠠᠢ ᠬᠤᠸᠠᠩ ᠠᠪᠤᠭᠠᠢ | ᠳᠠᠭᠠᠳᠬᠠᠯ ᠬᠡᠷᠡᠭᠯᠡᠭᠰᠡᠨ ᠦᠭᠡᠢ ᠪᠠᠶᠢᠭᠠᠳ ᠦᠷᠭᠦᠯᠵᠢᠯᠡᠨ ᠲᠤᠰᠢᠶᠠᠬᠤ ᠦᠨ᠎ᠡ ᠨᠢ ᠶᠠᠭᠠᠬᠢᠭᠠᠳ ᠨᠡᠩ ᠦᠨᠡᠲᠡᠢ | ᠪᠣᠯᠤᠭᠰᠠᠨ ᠲᠤᠬᠠᠢ ᠪᠤᠳᠤᠯᠢᠵᠤ ᠶᠠᠷᠢᠨ᠎ᠠ᠃ | | | ︽ᠨᠢᠭᠡᠳᠦᠭᠡᠷ ᠵᠢᠯ ᠳᠤ 6900 ᠲᠥᠭᠦᠷᠢᠭ ᠤᠨ ᠳᠠᠭᠠᠳᠬᠠᠯ ᠲᠤᠰᠢᠶᠠᠵᠤ᠂ ᠬᠤᠶᠠᠳᠤᠭᠠᠷ ᠵᠢᠯ ᠳᠤ ᠪᠠᠷᠤᠭ | 7200 ᠲᠥᠭᠦᠷᠢᠭ ᠤᠨ ᠳᠠᠭᠠᠳᠬᠠᠯ ᠲᠤᠰᠢᠶᠠᠵᠠᠢ᠂ ᠪᠦᠭᠦ ᠵᠢᠯ ᠤᠨ ᠲᠤᠷᠰᠢ ᠳᠠᠭᠠᠳᠬᠠᠯ ᠬᠡᠷᠡᠭᠯᠡᠭᠰᠡᠨ ᠦᠭᠡᠢ᠂ | ᠮᠠᠰᠢᠨ ᠲᠡᠷᠭᠡ ᠬᠤᠳᠠᠯᠳᠤᠨ ᠠᠪᠴᠤ ᠳᠡᠶᠢᠯᠪᠡᠴᠦ ᠲᠡᠵᠢᠭᠡᠵᠦ ᠳᠡᠶᠢᠯᠭᠦ ᠦᠭᠡᠢ ᠪᠠᠶᠢᠨ᠎ᠠ︕︾ ᠭᠡᠵᠦ ᠰᠧᠴᠦᠸᠠᠨ | ᠮᠤᠵᠢ ᠶᠢᠨ ᠴᠧᠩᠳᠦ᠋ ᠶᠢᠨ ᠨᠢᠭᠡᠨ ᠯᠢ ᠰᠢᠶᠠᠩ ᠲᠡᠮᠳᠡᠭᠲᠦ ᠮᠠᠰᠢᠨ ᠲᠡᠷᠭᠡᠨ ᠤ ᠡᠵᠡᠨ ᠰᠠᠨᠠᠭ᠎ᠠ ᠠᠯᠳᠠᠵᠤ ᠶᠠᠷᠢᠯ᠎ᠠ᠃ | ᠱᠠᠩᠬᠠᠢ ᠶᠢᠨ ᠨᠢᠭᠡᠨ ᠪᠢ ᠶᠠ ᠳ᠋ᠢ ᠮᠠᠰᠢᠨ ᠲᠡᠷᠭᠡᠨ ᠤ ᠡᠵᠡᠨ ᠠᠩᠬᠠᠨ ᠤ ᠳᠠᠭᠠᠳᠬᠠᠯ ᠳᠤ 5000 ᠭᠠᠷᠤᠢ | ᠲᠥᠭᠦᠷᠢᠭ ᠲᠤᠰᠢᠶᠠᠵᠤ᠂ ᠳᠠᠷᠠᠭ᠎ᠠ ᠵᠢᠯ ᠤᠨ ᠲᠤᠰᠢᠶᠠᠬᠤ ᠳᠠᠭᠠᠳᠬᠠᠯ ᠤᠨ ᠮᠡᠳᠡᠭᠦᠯᠦᠭᠰᠡᠨ ᠦᠨ᠎ᠡ ᠨᠢ 1000 | ᠭᠠᠷᠤᠢ ᠲᠥᠭᠦᠷᠢᠭ ᠥᠰᠪᠡ ᠭᠡᠵᠡᠢ᠃ ᠬᠤᠪᠧᠢ ᠮᠤᠵᠢ ᠶᠢᠨ ᠦᠬᠠᠨ ᠤ ᠨᠢᠭᠡᠨ ᠸᠧᠢ ᠯᠠᠢ ᠮᠠᠰᠢᠨ ᠲᠡᠷᠭᠡᠨ ᠤ ᠡᠵᠡᠨ᠄ | ︽ᠲᠡᠷᠭᠡᠨ ᠤ ᠳᠠᠭᠠᠳᠬᠠᠯ 8 ᠰᠠᠷ᠎ᠠ ᠶᠢᠨ 22 ᠲᠤ ᠲᠤᠯᠤᠭᠰᠠᠨ᠂ ᠳᠡᠭᠡᠷ᠎ᠡ ᠰᠠᠷ᠎ᠠ ᠶᠢᠨ ᠮᠡᠳᠡᠭᠦᠯᠦᠭᠰᠡᠨ ᠦᠨ᠎ᠡ ᠨᠢ | 5000 ᠲᠥᠭᠦᠷᠢᠭ ᠣᠷᠴᠢᠮ᠂ᠬᠤᠳᠠᠯᠳᠤᠵᠤ ᠠᠪᠤᠭᠰᠠᠨ ᠦᠭᠡᠢ᠂ ᠲᠡᠭᠡᠲᠡᠯ᠎ᠡ ᠡᠨᠡ ᠰᠠᠷ᠎ᠠ ᠶᠢᠨ ᠮᠡᠳᠡᠭᠦᠯᠦᠭᠰᠡᠨ | ᠦᠨ᠎ᠡ ᠨᠢ ᠰᠢᠭᠤᠳ 6900 ᠲᠥᠭᠦᠷᠢᠭ ᠪᠤᠯᠲᠠᠯ᠎ᠠ ᠥᠰᠴᠡᠢ᠂ ᠡᠨᠡ ᠰᠠᠷ᠎ᠠ ᠶᠢᠨ ᠮᠡᠳᠡᠭᠦᠯᠦᠭᠰᠡᠨ ᠦᠨ᠎ᠡ ᠨᠢ | ᠦᠨᠡᠬᠡᠷ ᠰᠠᠨᠠᠭ᠎ᠠ ᠵᠡᠭᠦᠳᠦᠨ ᠳᠤ ᠣᠷᠣᠮᠠᠷ ᠦᠭᠡᠢ ᠶᠤᠮ︾ ᠭᠡᠪᠡ᠃ | | | ᠰᠦᠯᠵᠢᠶ᠎ᠡ ᠪᠠᠷ ᠴᠦ ᠬᠥᠮᠥᠰ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠬᠠᠮᠢᠶᠠᠲᠠᠢ | ᠪᠢᠴᠢᠭᠡᠰᠦ ᠶᠢᠨ ᠳᠣᠲᠣᠷᠠᠬᠢ ᠣᠯᠠᠭᠬᠢ ᠨᠢ ᠳᠠᠭᠠᠳᠬᠠᠯ ᠦᠨᠡᠲᠡᠢ ᠪᠠᠶᠢᠬᠤ᠂ ᠦᠷᠭᠦᠯᠵᠢᠯᠡᠨ ᠲᠥᠯᠥᠬᠦ ᠦᠨ᠎ᠡ ᠨᠢ | ᠥᠰᠦᠭᠰᠡᠨ ᠵᠡᠷᠭᠡ ᠠᠰᠠᠭᠤᠳᠠᠯ ᠢ ᠶᠠᠷᠢᠯᠴᠠᠵᠤ ᠪᠤᠢ᠃ ︽ᠮᠢᠨᠤ ᠰᠢᠨ᠎ᠡ ᠡᠨᠧᠷᠭᠢ ᠶᠢᠨ ᠮᠠᠰᠢᠨ ᠲᠡᠷᠭᠡ ᠠᠪᠬᠤ ᠭᠡᠰᠡᠨ | ᠰᠡᠳᠬᠢᠯ ᠢ ᠳᠠᠬᠢᠨᠲᠠ ᠬᠥᠷᠥᠭᠡᠪᠡ︾ ᠭᠡᠰᠡᠨ ᠪᠢᠴᠢᠭᠡᠰᠦ ᠴᠦ ᠬᠠᠷᠠᠭᠳᠠᠵᠤ ᠪᠠᠶᠢᠯ᠎ᠠ᠃ | | | ᠵᠠᠷᠢᠮ ᠬᠠᠭᠤᠴᠢᠨ ᠵᠢᠯᠣᠭᠤᠴᠢ ᠨᠠᠷ ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠦᠶᠡᠰ ︽ᠵᠠᠯᠢᠬᠠᠢ | ᠪᠣᠷᠣᠯᠠᠭᠤᠯᠤᠭᠴᠢ︾ ᠲᠠᠢ ᠲᠠᠭᠠᠷᠠᠯᠳᠤᠬᠤ ᠠᠴᠠ ᠰᠡᠷᠭᠡᠶᠢᠯᠡᠵᠦ ᠠᠷᠭ᠎ᠠ ᠪᠤᠰᠤ ᠨᠠᠷᠢᠨ ᠨᠢᠮᠪᠠᠢ ︽ᠬᠠᠰᠤᠬᠤ ᠠᠷᠭ᠎ᠠ︾ | ᠶᠢ ᠪᠤᠳᠤᠵᠤ ᠪᠣᠯᠪᠠᠰᠤᠷᠠᠭᠤᠯᠵᠠᠢ᠃ ᠪᠡᠭᠡᠵᠢᠩ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠶᠠᠨ ᠠᠪᠤᠭᠠᠢ | ᠰᠤᠷᠪᠤᠯᠵᠢᠯᠠᠬᠴᠢ ᠳᠤ᠄︽ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ | ᠬᠦᠴᠦᠨ ᠠᠴᠠ ᠪᠣᠯᠵᠤ ᠴᠤᠯ ᠴᠠᠭᠢᠯᠭᠠᠨ ᠮᠠᠰᠢᠨ ᠲᠡᠷᠭᠡ ᠶᠢ ᠰᠣᠩᠭᠤᠭᠰᠠᠨ ᠪᠣᠯᠬᠤᠷ 30 ᠲᠦᠮᠡᠨ ᠲᠥᠭᠦᠷᠢᠭ ᠤᠨ | ᠮᠠᠰᠢᠨ ᠲᠡᠷᠭᠡᠨ ᠤ ᠨᠢᠭᠡᠳᠦᠭᠡᠷ ᠵᠢᠯ ᠤᠨ ᠳᠠᠭᠠᠳᠬᠠᠯ ᠨᠢ 7000 ᠲᠥᠭᠦᠷᠢᠭ ᠣᠷᠴᠢᠮ ᠪᠠᠶᠢᠪᠠ᠂ ᠡᠭᠦᠨ ᠢ | ᠰᠠᠨᠠᠭᠠᠨ ᠳᠠᠭᠠᠨ ᠠᠪᠤᠭᠰᠠᠨ ᠦᠭᠡᠢ᠂ ᠬᠡᠳᠦᠨ ᠵᠢᠯ ᠪᠠᠷᠢᠪᠠᠯ ᠵᠠᠯᠭᠠᠭ᠎ᠠ ᠪᠠᠷ ᠪᠠᠭᠤᠷᠠᠨ᠎ᠠ ᠭᠡᠵᠦ ᠪᠤᠳᠤᠬᠰᠠᠨ ᠨᠢ | ᠪᠤᠷᠤᠭᠤᠳᠠᠵᠤ᠂ ᠬᠤᠶᠠᠷ ᠭᠤᠷᠪᠠᠨ ᠵᠢᠯ ᠳᠠᠭᠠᠳᠬᠠᠯ ᠢᠶᠠᠨ ᠦᠷᠭᠦᠯᠵᠢᠯᠡᠨ ᠲᠤᠰᠢᠶᠠᠭᠰᠠᠨ ᠴᠦ ᠬᠢᠮᠳᠠ ᠪᠢᠰᠢ᠂ ᠬᠠᠷᠢᠨ | ᠤᠯᠠᠮ ᠥᠰᠦᠨ᠎ᠡ ᠭᠡᠵᠦ ᠪᠤᠳᠤᠵᠤ ᠣᠯᠣᠭᠰᠠᠨ ᠦᠭᠡᠢ᠃ ᠡᠨᠡ ᠵᠢᠯ ᠲᠡᠷᠭᠡᠨ ᠤ ᠬᠤᠬᠢᠷᠠᠯ ᠤᠨ ᠳᠠᠭᠠᠳᠬᠠᠯ ᠢ | ᠠᠪᠤᠭᠰᠠᠨ ᠦᠭᠡᠢ᠂ ᠰᠦᠢᠳᠬᠡᠯ ᠤᠨ ᠶᠡᠭᠡ ᠬᠠᠭᠠᠰ ᠢ ᠨᠢ ᠪᠠᠭᠤᠷᠠᠭᠤᠯᠵᠠᠢ᠃ ᠠᠷᠭ᠎ᠠ ᠤᠬᠠᠭᠠᠨ ᠶᠡᠬᠡᠲᠡᠢ ᠳᠡᠭᠡᠨ | ᠪᠢᠰᠢ᠂ ᠬᠠᠷᠢᠨ ᠠᠷᠭ᠎ᠠ ᠪᠠᠨ ᠪᠠᠷᠠᠭᠠᠳ ᠢᠩᠭᠢᠯ᠎ᠡ᠂ ᠵᠠᠷᠢᠮ ᠨᠠᠶᠢᠵᠠ ᠲᠠᠨᠢᠯ ᠮᠠᠨᠢ ᠴᠦ ᠲᠡᠷᠭᠡᠨ ᠤ ᠬᠤᠬᠢᠷᠠᠯ ᠤᠨ | ᠳᠠᠭᠠᠳᠬᠠᠯ ᠢᠶᠠᠨ ᠬᠠᠰᠤᠵᠤ ᠬᠠᠶᠠᠭᠰᠠᠨ︾ ᠭᠡᠵᠡᠢ᠃ | | | ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ | ᠵᠠᠷᠤᠳᠠᠯ ᠳᠤ ᠣᠯᠠᠩᠬᠢ ᠨᠢ ᠮᠠᠰᠢᠨ ᠲᠡᠷᠭᠡᠨ ᠤ ᠬᠤᠬᠢᠷᠠᠯ ᠤᠨ ᠳᠠᠭᠠᠳᠬᠠᠯ ᠪᠠᠶᠢᠵᠤ᠂ ᠪᠦᠭᠦᠶᠢᠯᠡ ᠳᠠᠭᠠᠳᠬᠠᠯ ᠤᠨ | ᠵᠠᠷᠤᠳᠠᠯ ᠤᠨ ᠵᠢᠷᠭᠤᠭᠠᠨ ᠬᠤᠪᠢ ᠶᠢ ᠡᠵᠡᠯᠡᠵᠦ ᠪᠤᠢ᠃ ᠡᠭᠦᠨ ᠠᠴᠠ ᠭᠠᠳᠠᠨ᠎ᠠ᠂ ᠭᠤᠷᠪᠠᠳᠤᠭᠠᠷ ᠡᠲᠡᠭᠡᠳ ᠤᠨ | ᠳᠠᠭᠠᠳᠬᠠᠯ ᠵᠢᠴᠢ ᠰᠠᠭᠤᠳᠠᠯ ᠤᠨ ᠳᠠᠭᠠᠳᠬᠠᠯ ᠨᠢ ᠴᠦ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠦᠯᠡᠳᠡᠭᠰᠡᠨ | ᠨᠢ ᠵᠠᠷᠢᠮ ᠨᠡᠮᠡᠯᠲᠡ ᠳᠠᠭᠠᠳᠬᠠᠯ ᠪᠣᠯᠣᠨ᠎ᠠ᠃ ᠲᠡᠷᠭᠡᠨ ᠤ ᠬᠤᠬᠢᠷᠠᠯ ᠤᠨ ᠳᠠᠭᠠᠳᠬᠠᠯ ᠤᠨ ᠵᠠᠷᠤᠳᠠᠯ ᠨᠡᠮᠡᠭᠳᠡᠵᠦ᠂ | ᠭᠤᠷᠪᠠᠳᠤᠭᠠᠷ ᠡᠲᠡᠭᠡᠳ ᠤᠨ ᠳᠠᠭᠠᠳᠬᠠᠯ᠂ ᠰᠠᠭᠤᠳᠠᠯ ᠤᠨ ᠳᠠᠭᠠᠳᠬᠠᠯ ᠵᠡᠷᠭᠡ ᠶᠢ ᠨᠡᠮᠡᠭᠰᠡᠨ ᠠᠴᠠ ᠦᠷᠭᠦᠯᠵᠢᠯᠡᠨ | ᠲᠤᠰᠢᠶᠠᠬᠤ ᠳᠠᠭᠠᠳᠬᠠᠯ ᠤᠨ ᠦᠨ᠎ᠡ ᠥᠰᠦᠭᠰᠡᠨ ᠭᠤᠣᠯ ᠰᠢᠯᠲᠠᠭᠠᠨ ᠪᠣᠯᠵᠠᠢ᠃ | | | ᠨᠢᠭᠡ ᠨᠢ ᠦᠨᠡᠲᠡᠢ ᠭᠡᠪᠡᠯ ᠨᠦᠭᠦᠭᠡ ᠨᠢ ᠠᠯᠳᠠᠭᠳᠠᠯ ᠲᠠᠢ ᠭᠡᠨ᠎ᠡ | | | ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠵᠠᠬ᠎ᠠ ᠳᠡᠯᠭᠡᠭᠦᠷ ᠤᠨ ᠵᠠᠳᠠᠯᠤᠯᠲᠠ ᠶᠢᠨ | ᠮᠡᠳᠡᠭᠦᠯᠦᠯᠲᠡ︾ ᠶᠢ ᠦᠨᠳᠦᠰᠦᠯᠡᠪᠡᠯ᠂ 2023 ᠣᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ | ᠳᠤᠮᠳᠠᠴᠢ ᠵᠠᠷᠤᠳᠠᠯ ᠨᠢ ᠲᠦᠯᠡᠰᠢ ᠰᠢᠲᠠᠭᠠᠯᠭ᠎ᠠ ᠶᠢᠨ ᠮᠠᠰᠢᠨ ᠲᠡᠷᠭᠡ ᠠᠴᠠ 21% ᠣᠷᠴᠢᠮ ᠥᠨᠳᠥᠷ᠂ ᠡᠭᠦᠨ ᠳᠤ | ᠴᠤᠯ ᠴᠠᠭᠢᠯᠭᠠᠨ ᠮᠠᠰᠢᠨ ᠲᠡᠷᠭᠡᠨ ᠤ ᠵᠢᠯ ᠪᠦᠷᠢ ᠶᠢᠨ ᠳᠠᠭᠠᠳᠬᠠᠯ ᠤᠨ ᠵᠠᠷᠤᠳᠠᠯ ᠨᠢ ᠲᠦᠯᠡᠰᠢ ᠰᠢᠲᠠᠭᠠᠯᠭ᠎ᠠ ᠶᠢᠨ | ᠮᠠᠰᠢᠨ ᠲᠡᠷᠭᠡ ᠠᠴᠠ ᠳᠤᠮᠳᠠᠴᠢ ᠪᠠᠷ 1687 ᠲᠥᠭᠦᠷᠢᠭ ᠦᠨᠡᠲᠡᠢ ᠪᠠᠶᠢᠵᠤ᠂ ᠪᠠᠷᠤᠭ ᠲᠦᠯᠡᠰᠢ ᠰᠢᠲᠠᠭᠠᠯᠭ᠎ᠠ ᠶᠢᠨ | ᠮᠠᠰᠢᠨ ᠲᠡᠷᠭᠡᠨ ᠤ 1.8 ᠳᠠᠭᠢᠨ᠃ ᠡᠨᠡ ᠵᠢᠯ ᠠᠴᠠ ᠨᠠᠭᠠᠰᠢ ᠡᠨᠡ ᠪᠠᠶᠢᠳᠠᠯ ᠳᠤ ᠮᠥᠨ ᠴᠦ ᠬᠤᠪᠢᠷᠠᠯᠲᠠ | ᠭᠠᠷᠤᠭᠰᠠᠨ ᠦᠭᠡᠢ ᠭᠡᠵᠡᠢ᠃ | | | ᠲᠤᠰᠬᠠᠢ ᠮᠡᠷᠭᠡᠵᠢᠯᠲᠡᠨ ᠤ ᠬᠡᠯᠡᠬᠦ ᠪᠠᠷ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳ᠋ᠢᠶᠠᠨ ᡂᠢ ᠶᠢᠨ | ᠪᠣᠭᠤᠳᠠᠯ ᠢ ᠰᠣᠯᠢᠬᠤ ᠳᠤ ᠪᠠᠷᠤᠭ ᠲᠡᠷᠭᠡᠨ ᠤ ᠬᠢᠨᠢ ᠬᠠᠭᠠᠰ ᠦᠨ᠎ᠡ ᠶᠢ ᠵᠠᠷᠤᠴᠠᠭᠤᠯᠤᠨ᠎ᠠ ᠭᠡᠵᠡᠢ᠃︽ᠲᠣᠰᠣ | ᠰᠢᠲᠠᠭᠠᠯᠭ᠎ᠠ ᠶᠢᠨ ᠮᠠᠰᠢᠨ ᠲᠡᠷᠭᠡᠨ ᠤ ᠠᠳᠡᠯ ᠤᠨ ᠲᠣᠬᠢᠶᠠᠯᠳᠤᠮᠵᠢ ᠪᠠ ᠬᠤᠬᠢᠷᠠᠯ ᠤᠨ ᠵᠣᠭᠤᠰ ᠤᠨ ᠲᠤᠭ᠎ᠠ ᠶᠢ ᠶᠡᠭᠡ | ᠬᠡᠮᠵᠢᠶᠡᠨ ᠤ ᠲᠤᠭ᠎ᠠ ᠪᠠᠷᠢᠮᠲᠠ ᠪᠠᠷ ᠰᠢᠯᠭᠠᠨ ᠪᠠᠲᠤᠯᠠᠭᠰᠠᠨ ᠤ ᠤᠯᠠᠮ ᠠᠴᠠ ᠬᠠᠷᠢᠴᠠᠩᠭᠤᠢ ᠪᠠᠷ ᠲᠣᠭᠲᠠᠮᠠᠯ ᠪᠣᠯᠵᠠᠢ᠃ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠳᠡᠯ ᠤᠨ ᠲᠣᠬᠢᠶᠠᠯᠳᠤᠮᠵᠢ ᠪᠣᠯᠣᠨ ᠬᠤᠬᠢᠷᠠᠯ ᠤᠨ ᠵᠣᠭᠤᠰ ᠤᠨ ᠲᠤᠭ᠎ᠠ | ᠨᠢ ᠴᠥᠮ ᠲᠣᠳᠣᠷᠬᠠᠢ ᠦᠭᠡᠢ ᠪᠠᠶᠢᠵᠤ᠂ ᠠᠳᠠᠯᠢ ᠳᠡᠰ ᠤᠨ ᠠᠳᠡᠯ ᠳᠤ ᠲᠣᠰᠣ ᠰᠢᠲᠠᠭᠠᠯᠭ᠎ᠠ ᠶᠢᠨ ᠮᠠᠰᠢᠨ ᠲᠡᠷᠭᠡ | ᠵᠥᠪᠭᠡᠨ ᠰᠡᠯᠪᠢᠭ ᠲᠣᠨᠤᠭ ᠢ ᠯᠠ ᠰᠣᠯᠢᠵᠤ ᠮᠡᠳᠡᠨ᠎ᠡ᠂ ᠭᠡᠪᠡᠴᠦ ᠰᠢᠨ᠎ᠡ ᠡᠨᠧᠷᠭᠢ ᠶᠢᠨ ᠮᠠᠰᠢᠨ ᠲᠡᠷᠭᠡ ᠳ᠋ᠢᠶᠠᠨ ᡂᠢ | ᠲᠠᠢ ᠬᠤᠯᠪᠣᠭᠳᠠᠪᠠᠯ ᠮᠠᠰᠢᠨ ᠲᠡᠷᠭᠡ ᠬᠡᠷᠡᠭ ᠠᠴᠠ ᠭᠠᠷᠴᠤ ᠮᠡᠳᠡᠨ᠎ᠡ᠂ ᠡᠨᠡ ᠨᠢ ᠰᠡᠯᠪᠢᠨ ᠵᠠᠰᠠᠬᠤ ᠵᠠᠷᠤᠳᠠᠯ ᠪᠣᠯᠣᠨ | ᠬᠤᠬᠢᠷᠠᠯ ᠤᠨ ᠥᠪᠡᠷ ᠤᠨ ᠥᠷᠲᠡᠭ ᠢ ᠶᠡᠭᠡ ᠪᠠᠷ ᠨᠡᠮᠡᠭᠳᠡᠭᠦᠯᠬᠦ ᠪᠣᠯᠣᠨ᠎ᠠ︾ᠭᠡᠵᠦ ᠬᠠᠮᠢᠶᠠᠲᠠᠢ ᠠᠵᠢᠯ ᠲᠥᠷᠥᠯ ᠤᠨ | ᠨᠢᠭᠡᠨ ᠨᠡᠷ᠎ᠡ ᠬᠦᠨᠳᠦᠲᠡᠢ ᠬᠥᠮᠥᠨ ᠲᠠᠶᠢᠯᠪᠤᠷᠢᠯᠠᠵᠠᠢ᠃ | | | ︽ᠲᠡᠷᠭᠡᠨ ᠤ ᠬᠤᠬᠢᠷᠠᠯ ᠤᠨ ᠳᠠᠭᠠᠳᠬᠠᠯ ᠤᠨ ᠵᠠᠷᠤᠳᠠᠯ ᠨᠢ ᠶᠡᠷᠦ ᠳᠡᠭᠡᠨ ᠨᠡᠯᠢᠶᠡᠳ ᠥᠨᠳᠥᠷ᠂ ᠤᠴᠢᠷ ᠨᠢ | ᠲᠡᠷᠭᠡᠨ ᠤ ᠲᠣᠰ ᠪᠡᠶ᠎ᠡ ᠶᠢᠨ ᠬᠤᠬᠢᠷᠠᠯ ᠢ ᠬᠠᠮᠤᠷᠴᠤ ᠪᠠᠶᠢᠳᠠᠭ᠂ ᠬᠠᠷᠢᠨ ᠰᠢᠨ᠎ᠡ ᠡᠨᠧᠷᠭᠢ ᠶᠢᠨ ᠮᠠᠰᠢᠨ ᠲᠡᠷᠭᠡ ᠨᠢ | ᠳ᠋ᠢᠶᠠᠨ ᡂᠢ ᠪᠠ ᠲᠡᠷᠭᠡᠨ ᠪᠡᠶ᠎ᠡ ᠶᠢ ᠨᠢᠭᠡ ᠴᠣᠭᠴᠠᠵᠢᠭᠤᠯᠬᠤ ᠰᠢᠨ᠎ᠡ ᠮᠡᠷᠭᠡᠵᠢᠯ ᠢ ᠬᠡᠷᠡᠭᠯᠡᠵᠦ᠂ ᠨᠡᠶᠢᠯᠡᠮᠡᠯ | ᠮᠠᠲ᠋ᠧᠷᠢᠶᠠᠯ ᠢ ᠶᠡᠭᠡ ᠬᠡᠮᠵᠢᠶ᠎ᠡ ᠪᠠᠷ ᠠᠰᠢᠭᠯᠠᠭᠰᠠᠨ ᠠᠴᠠ ᠲᠡᠷᠭᠡᠨ ᠪᠡᠶ᠎ᠡ ᠶᠢ ᠰᠡᠯᠪᠢᠨ ᠵᠠᠰᠠᠬᠤ ᠳᠤ ᠬᠦᠴᠢᠷ ᠪᠠᠶᠢᠵᠤ᠂ | ᠲᠥᠯᠥᠬᠦ ᠥᠪᠡᠷ ᠤᠨ ᠥᠷᠲᠡᠭ ᠢ ᠨᠥᠯᠥᠭᠡᠯᠡᠳᠡᠭ᠃ ᠡᠭᠦᠨ ᠠᠴᠠ ᠭᠠᠳᠠᠨ᠎ᠠ ᠵᠠᠷᠢᠮ ᠮᠠᠰᠢᠨ ᠲᠡᠷᠭᠡᠨ ᠤ ᠷᠠᠳᠠᠷ ᠢ | ᠠᠶᠤᠯᠭᠦᠢ ᠶᠢᠨ ᠲᠡᠮᠦᠷ᠂ ᠮᠠᠰᠢᠨ ᠤ ᠬᠠᠮᠠᠷ ᠵᠡᠷᠭᠡ ᠠᠮᠠᠷᠬᠠᠨ ᠡᠪᠳᠡᠷᠡᠬᠦ ᠪᠣᠯᠣᠯᠴᠠᠭ᠎ᠠ ᠲᠠᠢ ᠬᠡᠰᠡᠭ ᠲᠤ ᠤᠭᠰᠠᠷᠠᠭᠰᠠᠨ | ᠠᠴᠠ ᠬᠥᠩᠭᠡᠨ ᠮᠥᠷᠭᠦᠯᠳᠦᠭᠰᠡᠨ ᠴᠦ ᠷᠠᠳᠠᠷ ᠢ ᠰᠣᠯᠢᠬᠤ ᠴᠢᠬᠤᠯᠠᠲᠠᠢ ᠪᠠᠶᠢᠵᠤ ᠮᠡᠳᠡᠨ᠎ᠡ᠂ ᠡᠶᠢᠮᠦ ᠠᠴᠠ ᠰᠡᠯᠪᠢᠨ | ᠵᠠᠰᠠᠬᠤ ᠥᠪᠡᠷ ᠤᠨ ᠥᠷᠲᠡᠭ ᠨᠢ ᠮᠠᠰᠢ ᠥᠨᠳᠥᠷ ᠪᠠᠶᠢᠳᠠᠭ︾ ᠭᠡᠵᠦ ᠴᠧ ᠴᠧ ᠰᠢᠨᠵᠢᠯᠡᠭᠡ ᠮᠡᠷᠭᠡᠵᠢᠯ ᠤᠨ ᠺᠤᠮᠫᠠᠨᠢ | ᠶᠢ ᠡᠭᠦᠰᠬᠡᠨ ᠪᠠᠶᠢᠭᠤᠯᠤᠭᠴᠢ᠂ CEO ᠵᠠᠩ ᠯᠧᠢ ᠬᠡᠯᠡᠵᠡᠢ᠃ | | | ᠲᠤᠰᠬᠠᠢ ᠮᠡᠷᠭᠡᠵᠢᠯᠲᠡᠨ ᠪᠠᠰᠠ ᠢᠯᠡᠷᠬᠡᠶᠢᠯᠡᠭᠰᠡᠨ ᠨᠢ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠳᠠᠭᠠᠳᠬᠠᠯ ᠤᠨ ᠵᠠᠷᠤᠳᠠᠯ ᠦᠨᠡᠲᠡᠢ ᠪᠠᠶᠢᠬᠤ ᠨᠢ ᠪᠠᠰᠠ ᠵᠢᠯᠣᠭᠤᠴᠢ ᠶᠢᠨ ᠵᠢᠯᠤᠭᠤᠳᠬᠤ ᠳᠠᠳᠬᠠᠯ᠂ ᠵᠢᠯᠤᠭᠤᠳᠬᠤ | ᠨᠤᠷᠮ᠎ᠠ ᠨᠡᠯᠢᠶᠡᠳ ᠥᠨᠳᠥᠷ᠂ ᠰᠡᠯᠪᠢᠨ ᠵᠠᠰᠠᠬᠤ ᠰᠢᠰᠲ᠋ᠧᠮ ᠬᠠᠷᠢᠴᠠᠩᠭᠤᠢ ᠪᠢᠲᠡᠭᠦᠮᠵᠢᠯᠡᠯ ᠲᠠᠢ ᠪᠠᠶᠢᠳᠠᠯ ᠳᠤ ᠪᠠᠶᠢᠬᠤ᠂ | ᠰᠡᠯᠪᠢᠭ ᠲᠣᠨᠤᠭ ᠤᠨ ᠦᠨ᠎ᠡ ᠨᠡᠶᠢᠳᠡᠮ ᠳᠡᠭᠡᠨ ᠨᠡᠯᠢᠶᠡᠳ ᠥᠨᠳᠥᠷ ᠪᠠᠶᠢᠬᠤ ᠵᠡᠷᠭᠡ ᠬᠦᠴᠦᠨ ᠵᠦᠢᠯ ᠲᠠᠢ | ᠬᠤᠯᠪᠤᠭ᠎ᠠ ᠲᠠᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠲᠥᠯᠥᠬᠦ ᠨᠣᠷᠮ᠎ᠠ ᠥᠨᠳᠥᠷ ᠪᠠᠶᠢᠪᠠᠯ | ᠳᠠᠭᠠᠳᠬᠠᠯ ᠤᠨ ᠺᠤᠮᠫᠠᠨᠢ ᠶᠢᠨ ᠠᠰᠢᠭ ᠣᠯᠬᠤ ᠴᠢᠳᠠᠪᠤᠷᠢ ᠪᠠ ᠡᠵᠡᠩᠨᠡᠯᠲᠡ ᠶᠢᠨ ᠲᠣᠭᠲᠠᠭᠤᠨ ᠴᠢᠨᠠᠷ ᠢ | ᠨᠥᠯᠥᠭᠡᠯᠡᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠲᠠᠯ᠎ᠠ ᠪᠠᠷ᠂ ᠲᠣᠮᠣ ᠺᠤᠮᠫᠠᠨᠢ ᠶᠢᠨ | ᠳᠠᠷᠤᠭᠠᠰᠤ ᠬᠦᠨᠳᠦ᠂ ᠳᠤᠮᠳᠠ ᠵᠢᠵᠢᠭ ᠺᠤᠮᠫᠠᠨᠢ ᠳᠠᠭᠠᠳᠬᠠᠯ ᠬᠤᠳᠠᠯᠳᠤᠬᠤ ᠠᠴᠠ ᠪᠠᠨ ᠵᠢᠷᠦᠬᠡᠰᠢᠶᠡᠬᠦ᠂ ᠳᠠᠭᠠᠳᠬᠠᠵᠤ | ᠲᠡᠶᠢᠯᠭᠦ ᠦᠭᠡᠢ ᠪᠣᠯᠤᠭᠰᠠᠨ ᠪᠠᠶᠢᠳᠠᠯ ᠣᠷᠣᠰᠢᠵᠤ ᠪᠠᠶᠢᠨ᠎ᠠ᠃ ᠲᠥᠯᠥᠪᠦᠷᠢ ᠶᠢᠨ ᠨᠤᠷᠮ᠎ᠠ ᠥᠨᠳᠥᠷ ᠪᠣᠯᠤᠭᠰᠠᠨ | ᠪᠠᠶᠢᠳᠠᠯ ᠳᠣᠣᠷ᠎ᠠ᠂ ᠳᠠᠭᠠᠳᠬᠠᠯ ᠤᠨ ᠺᠤᠮᠫᠠᠨᠢ ᠦᠨ᠎ᠡ ᠲᠣᠭᠲᠠᠭᠠᠬᠤ ᠪᠠ ᠠᠶᠤᠯ ᠲᠦᠭᠰᠢᠭᠦᠷᠢ ᠶᠢ ᠡᠵᠡᠮᠳᠡᠬᠦ ᠠᠷᠭ᠎ᠠ | ᠪᠠᠷᠢᠯ ᠢ ᠲᠣᠬᠢᠷᠠᠭᠤᠯᠬᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠦᠷᠭᠦᠯᠵᠢᠯᠡᠬᠦᠶᠢᠴᠡ ᠬᠥᠭᠵᠢᠯᠲᠡ ᠶᠢ | ᠪᠠᠲᠤᠯᠠᠬᠤ ᠴᠢᠬᠤᠯᠠᠲᠠᠢ᠃ | | | ᠬᠤᠶᠢᠰᠢᠳᠠ ᠶᠢᠨ ᠵᠣᠪᠠᠨᠢᠯ ᠢ ᠶᠠᠭᠠᠬᠢᠵᠤ ᠰᠢᠢᠳᠪᠦᠷᠢᠯᠡᠬᠦ ᠪᠤᠢ | | | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠣᠷᠤᠯᠠᠭᠤᠯᠭ᠎ᠠ ᠵᠡᠷᠭᠡ ᠪᠠᠷ | ᠬᠥᠭᠵᠢᠵᠦ ᠪᠠᠶᠢᠨ᠎ᠠ᠂ ᠲᠡᠷᠭᠡᠨ ᠤ ᠳᠠᠭᠠᠳᠬᠠᠯ ᠤᠨ ᠠᠰᠠᠭᠤᠳᠠᠯ ᠢ ᠬᠡᠷᠬᠢᠨ ᠡᠨᠡ ᠬᠦ ᠵᠠᠬ᠎ᠠ ᠳᠡᠯᠭᠡᠭᠦᠷ ᠤᠨ ᠤᠯᠠᠮ | ᠨᠢᠭᠡ ᠠᠯᠬᠤᠮ ᠤᠨ ᠬᠥᠭᠵᠢᠯᠲᠡ ᠳᠤ ᠰᠠᠭᠠᠳ ᠤᠴᠠᠷᠠᠭᠤᠯᠬᠤ ᠦᠭᠡᠢ ᠪᠤᠯᠭᠠᠬᠤ ᠪᠤᠶ︖ | | | ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠡᠳ᠋ ᠰᠠᠶᠢᠳ ᠱᠧᠩ ᠴᠢᠦ ᠫᠢᠩ ᠢᠯᠡᠷᠬᠡᠶᠢᠯᠡᠬᠦ ᠳᠡᠭᠡᠨ᠂ | ᠬᠤᠳᠠᠯᠳᠤᠭᠠᠨ ᠤ ᠶᠠᠪᠤᠳᠠᠯ ᠤᠨ ᠶᠠᠮᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠠᠭᠠᠳᠬᠠᠯ ᠤᠨ ᠵᠠᠷᠤᠳᠠᠯ ᠤᠨ | ᠨᠣᠷᠮ᠎ᠠ ᠶᠢ ᠰᠢᠯᠢᠳᠡᠭᠵᠢᠭᠦᠯᠬᠦ ᠶᠢ ᠰᠤᠳᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠮᠠᠰᠢᠨ ᠲᠡᠷᠭᠡᠨ ᠤ | ᠨᠡᠶᠢᠭᠡᠮᠴᠢᠯᠡᠭᠰᠡᠨ ᠰᠡᠯᠪᠢᠨ ᠵᠠᠰᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠶᠢ ᠲᠦᠯᠬᠢᠨ ᠠᠬᠢᠭᠤᠯᠵᠤ᠂ | ᠣᠯᠠᠨ ᠲᠦᠮᠡᠨ ᠤ ᠮᠠᠰᠢᠨ ᠲᠡᠷᠭᠡ ᠬᠤᠳᠠᠯᠳᠤᠨ ᠠᠪᠬᠤ ᠶᠢᠨ ᠬᠤᠶᠢᠰᠢᠳᠠ ᠶᠢᠨ ᠵᠣᠪᠠᠨᠢᠯ ᠢ ᠬᠦᠴᠦᠯᠡᠨ | ᠰᠢᠢᠳᠪᠦᠷᠢᠯᠡᠨ᠎ᠡ ᠭᠡᠵᠡᠢ᠃ | | | ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠮᠠᠰᠢᠨ ᠲᠡᠷᠭᠡᠨ ᠤ ᠵᠢᠷᠤᠭ ᠲᠥᠯᠥᠪᠯᠡᠭᠡ᠂ ᠰᠡᠯᠪᠢᠨ | ᠵᠠᠰᠠᠯᠲᠠ ᠶᠢᠨ ᠲᠠᠯ᠎ᠠ ᠪᠠᠷ᠂ ᠮᠠᠰᠢᠨ ᠲᠡᠷᠭᠡᠨ ᠤ ᠠᠵᠤ ᠠᠬᠤᠶᠢᠯᠠᠯ ᠨᠢ ᠮᠠᠰᠢᠨ ᠲᠡᠷᠭᠡᠨ ᠤ ᠰᠡᠯᠪᠢᠨ ᠵᠠᠰᠠᠵᠤ ᠪᠤᠯᠬᠤ | ᠴᠢᠨᠠᠷ ᠪᠠ ᠰᠡᠯᠪᠢᠨ ᠵᠠᠰᠠᠬᠤ ᠳᠤ ᠭᠢᠯᠪᠠᠷ ᠴᠢᠨᠠᠷ ᠢ ᠴᠢᠩᠭᠠᠳᠬᠠᠬᠤ ᠭᠡᠷᠡᠭᠲᠡᠶ;ᠪᠠᠷᠢᠮᠵᠢᠶᠠᠲᠤ ᠲᠤᠨᠤᠭ᠂ ᠨᠡᠶᠢᠳᠡᠮ | ᠬᠡᠷᠡᠭᠯᠡᠬᠦ ᠲᠤᠨᠤᠭ ᠤᠨ ᠬᠠᠷᠢᠴᠠᠯ ᠢ ᠨᠡᠮᠡᠭᠳᠡᠭᠦᠯᠭᠦ;ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠶᠢᠭᠡᠮᠴᠢᠯᠡᠭᠰᠡᠨ | ᠰᠡᠯᠪᠢᠨ ᠵᠠᠰᠠᠬᠤ ᠦᠢᠯᠡᠳᠪᠦᠷᠢ ᠪᠠᠶᠢᠭᠤᠯᠬᠤ ᠶᠢ ᠵᠣᠷᠢᠭᠵᠢᠭᠤᠯᠵᠤ᠂ ᠪᠣᠷᠣᠯᠠᠭᠤᠯᠤᠭᠰᠠᠨ ᠤ ᠳᠠᠷᠠᠭᠠᠬᠢ ᠰᠠᠶᠢᠨ | ᠰᠠᠶᠢᠬᠠᠨ ᠥᠷᠢᠰᠦᠯᠳᠦᠭᠡᠨ ᠤ ᠪᠠᠶᠢᠳᠠᠯ ᠪᠦᠷᠢᠯᠳᠦᠬᠦ ᠶᠢ ᠲᠦᠷᠭᠡᠳᠬᠡᠨ᠎ᠡ᠃ ᠡᠭᠦᠨ ᠠᠴᠠ ᠭᠠᠳᠠᠨ᠎ᠠ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠠᠭᠠᠳᠬᠠᠯ ᠤᠨ ᠠᠵᠤ ᠠᠬᠤᠶᠢᠯᠠᠯ᠂ ᠮᠠᠰᠢᠨ ᠲᠡᠷᠭᠡᠨ ᠤ ᠠᠵᠤ ᠠᠬᠤᠶᠢᠯᠠᠯ ᠨᠢ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠮᠲᠤᠷᠠᠯᠴᠠᠭ᠎ᠠ ᠪᠠ ᠠᠵᠢᠯ ᠲᠥᠷᠥᠯ ᠤᠨ ᠳᠣᠲᠣᠭᠠᠳᠤ ᠶᠢᠨ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠳᠠᠭᠠᠳᠬᠠᠯ ᠤᠨ ᠦᠨ᠎ᠡ ᠲᠣᠭᠲᠠᠭᠠᠬᠤ ᠵᠠᠭᠪᠤᠷ ᠢ | ᠳᠠᠭᠢᠨ ᠪᠠᠶᠢᠭᠤᠯᠬᠤ ᠴᠢᠬᠤᠯᠠᠲᠠᠢ ᠪᠠᠶᠢᠨ᠎ᠠ ᠭᠡᠵᠡᠢ᠃ | | | ︵︽ᠰᠢᠨᠬᠤᠸᠠ ᠰᠦᠯᠵᠢᠶ᠎ᠡ︾ ᠠᠴᠠ ᠣᠷᠴᠢᠭᠤᠯᠤᠨ ᠨᠠᠶᠢᠷᠠᠭᠤᠯᠪᠠ︶ |