ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠪᠠᠷᠢᠮᠵᠢᠶᠠᠲᠤ ᠨᠣᠲ ᠪᠠ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠢ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠳᠤ ᠨᠡᠶᠢᠲᠡᠯᠡᠪᠡ
ᠨᠡᠶᠢᠲᠡᠯᠡᠭᠰᠡᠨ ᠴᠠᠭ᠄
2024/9/5
       9 ᠳ᠋ᠦ᠋ᠭᠡᠷ ᠰᠠᠷ᠎ᠠ ᠶᠢᠨ 1 ᠤ ᠡᠳᠦᠷ᠂ ᠳᠦᠷᠤ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠪᠠᠷᠢᠮᠵᠢᠶᠠᠲᠤ ᠨᠣᠲ ᠪᠠ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠢ ᠨᠡᠶᠢᠲᠡᠯᠡᠵᠡᠢ᠃ ︽ᠪᠦᠭᠦᠲᠠ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠬᠠᠤᠯᠢ︾ ᠶᠢᠨ ᠲᠣᠭᠲᠠᠭᠠᠯ ᠶᠣᠰᠣᠭᠠᠷ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠪᠠᠷᠢᠮᠵᠢᠶᠠᠲᠤ ᠨᠣᠲ᠂ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠢ ᠳᠣᠮᠲᠠᠲᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠦᠯᠵᠢᠶ᠎ᠡ ᠪᠠ ᠳᠣᠮᠲᠠᠲᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠳᠤ ᠨᠡᠶᠢᠲᠡᠯᠡᠵᠡᠢ᠃      ᠲᠤᠰ ᠤᠳᠠᠭᠠᠨ ᠤ ᠨᠡᠶᠢᠲᠡᠯᠡᠭᠰᠡᠨ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠪᠠᠷᠢᠮᠵᠢᠶᠠᠲᠤ ᠨᠣᠲ ᠲᠤ ᠪᠠᠭᠲᠠᠬᠤ ᠨᠢ᠄      ᠦᠯᠢᠶᠡᠪᠦᠷᠢ ᠬᠥᠭᠵᠢᠮᠳᠡᠭᠦᠷ ᠴᠢᠪᠬᠠᠳᠠᠰᠤᠲᠤ ᠬᠥᠭᠵᠢᠮᠳᠡᠭᠦᠷ ᠤᠨ ᠶᠡᠷᠦᠩᠬᠡᠢ ᠨᠣᠲ      ᠦᠯᠢᠶᠡᠪᠦᠷᠢ ᠬᠥᠭᠵᠢᠮᠳᠡᠭᠦᠷ ᠤᠨ ᠶᠡᠷᠦᠩᠬᠡᠢ ᠨᠣᠲ      ᠲᠡᠭᠦᠯᠳᠡᠷ ᠬᠤᠭᠤᠷ ᠤᠨ ᠬᠠᠪᠰᠤᠷᠤᠯ ᠬᠥᠭᠵᠢᠮ ᠤᠨ ᠨᠣᠲ     ᠲᠤᠰ ᠤᠳᠠᠭᠠᠨ ᠤ ᠨᠡᠶᠢᠲᠡᠯᠡᠭᠰᠡᠨ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠳᠤ ᠪᠠᠭᠲᠠᠬᠤ ᠨᠢ᠄      ᠦᠯᠢᠶᠡᠪᠦᠷᠢ ᠬᠥᠭᠵᠢᠮᠳᠡᠭᠦᠷ ᠴᠢᠪᠬᠠᠳᠠᠰᠤᠲᠤ ᠬᠥᠭᠵᠢᠮᠳᠡᠭᠦᠷ ᠤᠨ ᠬᠡᠪᠯᠡᠯ      ᠦᠯᠢᠶᠡᠪᠦᠷᠢ ᠬᠥᠭᠵᠢᠮᠳᠡᠭᠦᠷ ᠴᠢᠪᠬᠠᠳᠠᠰᠤᠲᠤ ᠬᠥᠭᠵᠢᠮᠳᠡᠭᠦᠷ ᠤᠨ ᠨᠠᠶᠢᠷᠠᠯ ᠳᠠᠭᠤᠤ ᠶᠢᠨ ᠬᠡᠪᠯᠡᠯ      ᠦᠯᠢᠶᠡᠪᠦᠷᠢ ᠬᠥᠭᠵᠢᠮᠳᠡᠭᠦᠷ ᠤᠨ ᠬᠡᠪᠯᠡᠯ      ᠦᠯᠢᠶᠡᠪᠦᠷᠢ ᠬᠥᠭᠵᠢᠮᠳᠡᠭᠦᠷ ᠤᠨ ᠨᠠᠶᠢᠷᠠᠯ ᠳᠠᠭᠤᠤ ᠶᠢᠨ ᠬᠡᠪᠯᠡᠯ       ᠮᠡᠷᠭᠡᠨ ᠴᠣᠬᠤᠷ ᠢ ᠰᠢᠷᠪᠢᠬᠦ ᠪᠤᠶᠤ ᠤᠳᠠᠭᠠᠬᠠᠨ ᠳᠠᠷᠤᠭᠠᠳ      ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ︾ ᠶᠢᠨ ᠲᠤᠰᠬᠠᠢ ᠬᠠᠭᠤᠳᠠᠰᠤᠨ ᠠᠴᠠ ᠪᠠᠭᠤᠯᠭᠠᠨ ᠬᠡᠷᠡᠭᠯᠡᠭᠡᠷᠡᠢ
     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠬᠠᠤᠯᠢ︾ ᠶᠢᠨ ᠲᠣᠭᠲᠠᠭᠠᠯ ᠢᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠᠰᠤ ᠵᠣᠬᠢᠬᠤ ᠲᠠᠯᠠᠪᠤᠷ᠄      ︵ᠨᠢᠭᠡ︶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠡᠬᠢᠯᠡᠬᠦ ᠶᠣᠰᠣᠯᠠᠯ᠂ ᠲᠡᠭᠦᠰᠬᠦ ᠶᠣᠰᠣᠯᠠᠯ︔      ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶᠠᠨ ᠤ ᠪᠠ ᠣᠷᠣᠨ ᠨᠤᠲᠤᠭ ᠤᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ ᠬᠤᠷᠠᠯ ᠡᠬᠢᠯᠡᠬᠦ ᠶᠣᠰᠣᠯᠠᠯ᠂ ᠲᠡᠭᠦᠰᠬᠦ ᠶᠣᠰᠣᠯᠠᠯ︔      ︵ᠬᠤᠶᠠᠷ︶ ᠡᠯ᠎ᠡ ᠲᠥᠷᠥ ᠶᠢᠨ ᠨᠠᠮ᠂ ᠡᠯ᠎ᠡ ᠠᠷᠠᠳ ᠤᠨ ᠪᠦᠯᠬᠦᠮ ᠤᠳ ᠤᠨ ᠡᠯ᠎ᠡ ᠱᠠᠲᠤᠨ ᠤ ᠲᠥᠯᠥᠭᠡᠯᠡᠭᠴᠢᠳ ᠤᠨ ᠶᠡᠭᠡ ᠬᠤᠷᠠᠯ ᠵᠡᠷᠭᠡ︔      ︵ᠭᠤᠷᠪᠠ︶ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ︔      ︵ᠳᠥᠷᠪᠡ︶ ᠤᠯᠤᠰ ᠤᠨ ᠲᠤᠭ ᠮᠠᠨᠳᠤᠭᠤᠯᠬᠤ ᠶᠣᠰᠣᠯᠠᠯ︔      ︵ᠲᠠᠪᠤ︶ ᠡᠯ᠎ᠡ ᠱᠠᠲᠤᠨ ᠤ ᠪᠠᠶᠢᠭᠤᠯᠭ᠎ᠠ ᠶᠢᠨ ᠶᠠᠪᠤᠭᠳᠠᠭᠤᠯᠤᠭᠰᠠᠨ ᠡᠰᠡᠬᠦᠯ᠎ᠡ ᠵᠣᠬᠢᠶᠠᠨ ᠪᠠᠶᠢᠭᠤᠯᠤᠭᠰᠠᠨ ᠦᠪᠡᠳᠡᠭᠰᠢ ᠴᠤᠭᠯᠠᠭᠠᠨ᠂ ᠬᠥᠬᠢᠭᠦᠯᠦᠨ ᠰᠠᠶᠢᠰᠢᠶᠠᠬᠤ ᠶᠣᠰᠣᠯᠠᠯ᠂ ᠳᠤᠷᠠᠰᠬᠠᠬᠤ ᠶᠣᠰᠣᠯᠠᠯ ᠵᠡᠷᠭᠡ︔      ︵ᠵᠢᠷᠭᠤᠭ᠎ᠠ︶ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ︔      ︵ᠳᠤᠯᠤᠭ᠎ᠠ︶ ᠭᠠᠳᠠᠭᠠᠳᠤ ᠬᠠᠷᠢᠯᠴᠠᠭᠠᠨ ᠤ ᠲᠣᠮᠣ ᠠᠵᠢᠯᠯᠠᠭ᠎ᠠ︔      ︵ᠨᠠᠢᠮᠠ︶ ᠪᠡᠶ᠎ᠡ ᠶᠢᠨ ᠲᠠᠮᠢᠷ ᠤᠨ ᠲᠣᠮᠣ ᠤᠷᠤᠯᠳᠤᠭᠠᠨ︔      ︵ᠶᠢᠰᠦ︶   ᠤᠯᠤᠰ ᠤᠨ ᠰᠦᠯᠳᠡ ᠳᠠᠭᠤᠤ ᠶᠢ  ᠬᠥᠭᠵᠢᠮᠳᠡᠨ ᠳᠠᠭᠤᠯᠠᠪᠠᠰᠤ ᠵᠣᠬᠢᠬᠤ ᠪᠤᠰᠤᠳ ᠲᠠᠯᠠᠪᠤᠷ᠃      ᠤᠯᠤᠰ ᠠᠴᠠ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠶᠢᠨ ᠵᠣᠬᠢᠰᠲᠠᠢ ᠲᠠᠯᠠᠪᠤᠷ ᠲᠤ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠡᠬᠡ ᠣᠷᠣᠨ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠷᠬᠡᠶᠢᠯᠡᠬᠦ ᠶᠢ ᠰᠠᠨᠠᠭᠠᠴᠢᠯᠠᠵᠤ ᠪᠠᠶᠢᠨ᠎ᠠ᠃      ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠬᠤ ᠦᠶᠡᠰ ᠲᠤ᠂ ᠲᠤᠬᠠᠢ ᠶᠢᠨ ᠲᠠᠯᠠᠪᠠᠢ ᠳᠤ ᠪᠠᠶᠢᠭ᠎ᠠ ᠬᠥᠮᠥᠰ ᠲᠥᠪ ᠵᠣᠭᠰᠣᠬᠤ ᠪᠥᠭᠡᠳ ᠦᠢᠯᠡ ᠬᠥᠳᠡᠯᠦᠯ ᠲᠥᠪ ᠬᠢᠴᠢᠶᠡᠩᠭᠦᠢ ᠪᠠᠶᠢᠬᠤ ᠬᠡᠷᠡᠭᠲᠡᠢ᠂ ᠤᠯᠤᠰ ᠤᠨ ᠰᠦᠯᠳᠡ ᠳᠠᠭᠤᠤ ᠶᠢ ᠦᠯᠦ ᠬᠦᠨᠳᠦᠳᠬᠡᠭᠰᠡᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠃      ᠤᠯᠤᠰ ᠤᠨ ᠰᠦᠯᠳᠡ ᠳᠠᠭᠤᠤ ᠶᠢ ᠲᠠᠸᠠᠷ ᠤᠨ ᠲᠡᠮᠳᠡᠭ᠂ ᠬᠤᠳᠠᠯᠳᠤᠭᠠᠨ ᠤ ᠵᠠᠷ ᠲᠤ ᠬᠡᠷᠡᠭᠯᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠯᠡᠵᠦ ᠪᠣᠯᠬᠤ ᠦᠭᠡᠢ᠂ ᠬᠤᠪᠢ ᠬᠥᠮᠥᠨ ᠤ ᠪᠡᠯᠪᠡᠰᠦᠷᠡᠯ ᠤᠨ ᠠᠵᠢᠯᠯᠠᠭ᠎ᠠ ᠵᠡᠷᠭᠡ ᠲᠣᠬᠢᠷᠠᠮᠵᠢ ᠦᠭᠡᠢ ᠲᠠᠯᠠᠪᠤᠷ ᠲᠤ ᠬᠡᠷᠡᠭᠯᠡᠵᠦ ᠪᠣᠯᠬᠤ ᠦᠭᠡᠢ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ ᠠᠷᠤ ᠦᠵᠡᠭᠳᠡᠯ ᠤᠨ ᠬᠥᠭᠵᠢᠮ ᠵᠡᠷᠭᠡ ᠪᠠᠷ ᠵᠠᠷᠤᠵᠤ ᠪᠣᠯᠬᠤ ᠦᠭᠡᠢ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号