ᠬᠥᠬᠡᠬᠤᠲᠠ ᠶᠢᠨ 2024 ᠣᠨ ᠤ ᠪᠥᠬᠦ ᠤᠯᠤᠰ ᠤᠨ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/9/5
       ︵ᠰᠤᠷᠪᠤᠯᠵᠢᠯᠠᠭᠴᠢ ᠴᠢ ᠰᠢᠶᠣᠣ ᠶᠠᠨ︶ 9 ᠳ᠋ᠦ᠋ᠭᠡᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ  ᠢᠯᠢ  ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠵᠦ ᠂  ᠲᠦᠮᠡᠳ  ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠵᠢᠯᠴᠠᠨ ᠡᠷᠭᠢᠯᠡᠭᠰᠡᠨ ᠬᠥᠬᠡᠬᠤᠲᠠ ᠶᠢᠨ 2024 ᠣᠨ ᠤ ᠪᠥᠬᠦ ᠤᠯᠤᠰ ᠤᠨ ᠶᠠᠰᠤ  ᠴᠢᠨᠠᠷ ᠤᠨ ᠰᠠᠷ᠎ᠠ ᠶᠢᠨ ᠠᠵᠢᠯᠯᠠᠭ᠎ᠠ ᠡᠬᠢᠯᠡᠵᠦ᠂ ᠡᠨᠡ ᠨᠢ ᠬᠥᠬᠡᠬᠤᠲᠠ ᠶᠢᠨ ᠪᠥᠬᠦ ᠤᠯᠤᠰ ᠤᠨ ᠶᠠᠰᠤ ᠴᠢᠨᠠᠷ ᠤᠨ  ᠰᠠᠷ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃            ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠲᠥᠯᠥᠭᠡᠯᠡᠭᠴᠢ ᠠᠴᠠ ᠲᠤᠷᠰᠢᠯᠭ᠎ᠠ ᠪᠠᠨ ᠬᠤᠪᠢᠶᠠᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠶᠠᠰᠤ ᠴᠢᠨᠠᠷ ᠤᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠲᠤᠬᠠᠢ ᠶᠢᠨ ᠲᠠᠯᠠᠪᠠᠶ ᠳᠤ ᠪᠠᠰᠠ ᠤᠬᠠᠭᠤᠯᠭ᠎ᠠ᠂ ᠯᠠᠪᠯᠠᠭ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠥᠷᠨᠢᠭᠦᠯᠪᠡ᠃            ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ ᠶᠢᠨ ᠭᠤᠣᠯ ᠰᠡᠳᠦᠪ ᠪᠣᠯ ︽ᠶᠠᠰᠤ ᠴᠢᠨᠠᠷ ᠤᠨ ᠲᠤᠯᠭᠠᠭᠤᠷᠢᠯᠠᠯ ᠢ ᠴᠢᠩᠭᠠᠳᠬᠠᠵᠤ  ᠶᠠᠰᠤ ᠴᠢᠨᠠᠷ ᠤᠨ ᠬᠦᠴᠦᠷᠬᠡᠭ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ︾ ᠪᠣᠯᠣᠨ᠎ᠠ᠃ ᠬᠥᠬᠡᠬᠤᠲᠠ ᠶᠠᠰᠤ ᠴᠢᠨᠠᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ ᠴᠢᠨᠠᠷ ᠤᠨ ᠳᠡᠭᠡᠭᠰᠢᠯᠡᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠭᠰᠠᠭᠠᠷ ᠢᠷᠡᠵᠠᠢ᠃ ᠣᠶᠢᠷ᠎ᠠ ᠶᠢᠨ ᠵᠢᠯ ᠤᠳ ᠲᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠲᠠ ᠶᠢᠨ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ ᠪᠥᠬᠦ ᠬᠤᠲᠠ ᠶᠢᠨ ᠶᠠᠰᠤ ᠴᠢᠨᠠᠷ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠦᠢᠯᠡᠳᠬᠦᠨ ᠤ ᠶᠠᠰᠤ ᠴᠢᠨᠠᠷ᠂ ᠪᠠᠷᠢᠯᠭ᠎ᠠ ᠶᠢᠨ ᠶᠠᠰᠤ ᠴᠢᠨᠠᠷ᠂ ᠦᠢᠯᠡᠴᠢᠯᠡᠭᠡᠨ ᠤ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠨ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠲᠠᠰᠤᠷᠠᠯᠲᠠ ᠦᠭᠡᠢ ᠪᠦᠷᠢᠨᠰᠢᠵᠦ᠂ ᠶᠠᠰᠤ ᠴᠢᠨᠠᠷ ᠤᠨ ᠬᠥᠭᠵᠢᠯᠲᠡ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃            ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠤᠳᠠᠭᠠᠨ ᠤ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠶᠠᠰᠤ ᠴᠢᠨᠠᠷ ᠤᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠷᠠᠭᠤᠯᠵᠤ᠂ ᠶᠠᠰᠤ ᠴᠢᠨᠠᠷ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠡᠭᠦᠨ ᠤ ᠬᠠᠮᠲᠤ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ᠂ ᠥᠷᠭᠡᠨ ᠣᠯᠠᠨ ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠶᠠᠰᠤ ᠴᠢᠨᠠᠷ ᠢ ᠬᠠᠮᠲᠤ ᠪᠠᠷ ᠠᠩᠬᠠᠷᠴᠤ᠂ ᠶᠠᠰᠤ ᠴᠢᠨᠠᠷ ᠢ ᠴᠢᠬᠤᠯᠠᠴᠢᠯᠠᠨ᠂ ᠶᠠᠰᠤ ᠴᠢᠨᠠᠷ ᠢ ᠳᠡᠭᠡᠭᠰᠢᠯᠡᠭᠦᠯᠵᠦ᠂ ᠶᠠᠰᠤ ᠴᠢᠨᠠᠷ ᠤᠨ ᠲᠤᠯᠭᠠᠭᠤᠷᠢᠯᠠᠯ ᠢ ᠴᠢᠩᠭᠠᠳᠬᠠᠬᠤ᠂ ᠶᠠᠰᠤ ᠴᠢᠨᠠᠷ ᠤᠨ ᠬᠦᠴᠦᠷᠬᠡᠭ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠣᠷᠣᠨ ᠤ ᠲᠥᠪ ᠬᠤᠲᠠ ᠶᠢᠨ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠵᠤ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号