2149.27 ᠲᠦᠮᠡ ᠳᠤ ᠭᠦᠷᠪᠡ
ᠨᠡᠶᠢᠲᠡᠯᠡᠭᠰᠡᠨ ᠴᠠᠭ᠄
2024/9/6
     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠸ ᠬᠠᠭᠠᠰ ᠵᠢᠯ ᠳᠤ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠡᠶᠢᠲᠡ 135.44 ᠲᠦᠮᠡᠨ ᠬᠦᠴᠢᠷᠳᠡᠯᠲᠡᠢ ᠬᠥᠮᠥᠰ ᠢ ᠲᠤᠰᠠᠯᠠᠨ ᠳᠠᠭᠠᠳᠬᠠᠯ ᠳᠤ ᠣᠷᠣᠯᠴᠠᠭᠤᠯᠵᠤ᠂ 244.98 ᠲᠦᠮᠡᠨ ᠣᠷᠣᠯᠭ᠎ᠠ ᠪᠠᠭᠠᠲᠠᠢ ᠬᠥᠮᠥᠨ ᠠᠮᠠ ᠶᠢᠨ ᠳᠠᠭᠠᠳᠬᠠᠯ ᠳᠤ ᠤᠷᠤᠯᠴᠠᠭᠤᠯᠬᠤ ᠶᠣᠰᠣᠲᠠᠢ ᠶᠢ ᠨᠢ ᠪᠦᠭᠦᠨ ᠢ ᠣᠷᠣᠯᠴᠠᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 2149.27 ᠲᠦᠮᠡ ᠳᠤ ᠬᠦᠷᠴᠦ᠂ ᠳᠠᠭᠠᠳᠬᠠᠯ ᠳᠤ ᠣᠷᠣᠯᠴᠠᠬᠰᠠᠨ ᠨᠣᠷᠮ᠎ᠠ ᠦᠷᠭᠦᠯᠵᠢᠯᠡᠨ 95% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠪᠠ᠃ ᠮᠠᠨ ᠤ ᠣᠷᠣᠨ ᠭᠤᠷᠪᠠᠨ ᠳᠠᠪᠬᠤᠷ ᠪᠠᠲᠤᠯᠠᠭ᠎ᠠ ᠶᠢᠨ ᠳᠦᠷᠢᠮ ᠢᠶᠠᠷ 265.57 ᠲᠦᠮᠡᠨ ᠬᠥᠮᠥᠨ ᠤᠳᠠᠭ᠎ᠠ ᠶᠢᠨ ᠡᠪᠡᠳᠴᠢᠨ ᠦᠵᠡᠭᠦᠯᠭᠦ ᠳᠤ ᠠᠰᠢᠭ ᠬᠦᠷᠲᠡᠭᠡᠵᠦ᠂ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ 30.86 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠡᠪᠡᠳᠴᠢᠨ ᠦᠵᠡᠭᠦᠯᠭᠦ ᠳᠤ ᠬᠦᠴᠢᠷ᠂ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃      ᠡᠭᠦᠨ ᠠᠴᠠ ᠭᠠᠳᠠᠨ᠎ᠠ᠂ ᠰᠤᠷᠪᠤᠯᠵᠢᠯᠠᠬᠴᠢ 2024 ᠣᠨ ᠤ ᠪᠦᠭᠦ ᠤᠯᠤᠰ ᠤᠨ ᠪᠦᠭᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠵᠢᠴᠢ ᠥᠪᠥᠷ ᠮᠣᠩᠭᠤᠯ ᠤᠨ ᠪᠦᠭᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠡᠭᠢᠯᠡᠯᠲᠡ ᠶᠢᠨ ᠬᠤᠷᠠᠯ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ 1 ᠰᠠᠷ᠎ᠠ ᠶᠢᠨ ᠬᠤᠭᠤᠴᠠᠭ᠎ᠠ ᠲᠠᠢ ᠪᠦᠭᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠰᠦᠯᠵᠢᠶᠡᠨ ᠳᠡᠭᠡᠷ᠎ᠡ + ᠪᠣᠳᠠᠲᠤ ᠴᠣᠭᠴᠠ︾ ᠶᠢᠨ ᠪᠦᠭᠦ ᠲᠠᠯ᠎ᠠ ᠶᠢᠨ᠂ ᠣᠯᠠᠨ ᠬᠠᠷᠠᠭᠠᠰᠤ ᠶᠢᠨ᠂ ᠣᠯᠠᠨ ᠲᠠᠰ ᠳᠠᠪᠬᠤᠷᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠳᠠᠭᠠᠳᠬᠠᠯ ᠳᠤ ᠣᠷᠤᠯᠴᠠᠬᠤ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠵᠤ᠂ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠤᠬᠠᠮᠰᠠᠷ ᠢ ᠪᠤᠶ ᠪᠣᠯᠭᠠᠨ᠎ᠠ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤᠭ᠎ᠠ ᠪᠠᠷᠢᠮᠲᠠ ᠪᠠᠷ ᠬᠦᠴᠦᠨ ᠣᠯᠭᠤᠬᠤ ᠶᠢ ᠴᠢᠩᠭᠠᠳᠬᠠᠵᠤ᠂ ᠬᠠᠤᠯᠢ ᠶᠣᠰᠣᠭᠠᠷ ᠳᠠᠭᠠᠳᠬᠠᠯ ᠳᠤ ᠣᠷᠤᠯᠴᠠᠬᠤ ᠶᠢ ᠨᠠᠶᠢᠳᠠᠪᠤᠷᠢᠵᠢᠭᠤᠯᠤᠨ᠂ ︽ᠨᠢᠭᠡ ᠬᠥᠮᠥᠨ ᠨᠢᠭᠡ ᠲᠠᠩᠰᠠ ᠡᠪᠬᠡᠮᠡᠯ︾ ᠤᠨ ᠲᠤᠭ᠎ᠠ ᠪᠠᠷᠢᠮᠲᠠ ᠶᠢᠨ ᠬᠥᠮᠥᠷᠭᠡ ᠪᠠᠷ ᠭᠠᠷᠳᠠᠴᠠ ᠪᠤᠯᠭᠠᠵᠤ᠂ ᠨᠠᠩ ᠣᠯᠠᠨ ᠲᠣᠭᠠᠴᠢᠯᠠᠭᠰᠠᠨ ᠠᠷᠭ᠎ᠠ ᠪᠠᠷᠢᠯ ᠢ ᠬᠡᠷᠡᠭᠯᠡᠨ ᠣᠯᠠᠨ ᠲᠦᠮᠡᠨ ᠤ ᠰᠠᠨᠠᠭᠠᠴᠢᠯᠠᠭ᠎ᠠ  ᠠᠴᠠ ᠪᠠᠨ ᠳᠠᠭᠠᠳᠬᠠᠯ ᠳᠤ ᠣᠷᠤᠯᠴᠠᠬᠤ᠂ ᠬᠥᠮᠥᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ ᠰᠦᠢᠳᠬᠡᠯ ᠲᠤᠰᠢᠶᠠᠬᠤ ᠶᠢ ᠬᠥᠲᠥᠯᠥᠨ ᠵᠢᠯᠣᠭᠤᠳᠤᠨ᠎ᠠ᠃ ᠤᠷᠮᠠᠰᠢᠭᠤᠯᠵᠤ ᠬᠢᠵᠠᠭᠠᠷᠯᠠᠬᠤ᠂ ᠳᠠᠭᠠᠳᠬᠠᠯ ᠳᠤ ᠣᠷᠤᠯᠴᠠᠬᠤ ᠶᠢ ᠲᠥᠷᠥᠯ ᠬᠤᠪᠢᠶᠠᠨ ᠲᠤᠰᠠᠯᠠᠬᠤ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠳᠠᠭᠠᠳᠬᠠᠯ ᠳᠤ ᠣᠷᠤᠯᠴᠠᠬᠤ ᠢᠳᠡᠪᠬᠢᠵᠢᠯ ᠢ ᠪᠦᠲᠦᠮᠵᠢᠲᠡᠶ ᠳᠠᠶᠢᠴᠢᠯᠠᠨ᠎ᠠ᠃ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ᠂ ᠬᠠᠮᠢᠶᠠᠷᠤᠯᠲᠠ ᠦᠢᠯᠡᠴᠢᠯᠡᠭᠡ᠂ ᠳᠠᠶᠢᠴᠢᠯᠠᠯᠲᠠ ᠤᠬᠠᠭᠤᠯᠭ᠎ᠠ᠂ ᠣᠯᠭᠤᠮᠵᠢ ᠪᠠᠲᠤᠯᠠᠭ᠎ᠠ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠳᠥᠭᠦᠮ ᠳᠥᠲᠡ ᠴᠢᠨᠠᠷ ᠪᠠ ᠪᠣᠯᠣᠮᠵᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠪᠣᠯᠣᠨ᠎ᠠ᠃     ᠢᠷᠡᠯᠲᠡ᠄  ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号