| | 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠳᠤ ᠮᠠᠨ ᠤ ᠣᠷᠣᠨ ᠤ ᠡᠵᠡᠩᠨᠡᠯᠲᠡ ᠶᠢᠨ ᠭᠤᠣᠯ ᠴᠣᠭᠴᠠ | ᠲᠣᠭᠲᠠᠭᠤᠨ ᠢᠶᠠᠷ ᠨᠡᠮᠡᠭᠳᠡᠪᠡ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠡᠵᠡᠩᠨᠡᠯᠲᠡ ᠶᠢᠨ | ᠭᠤᠣᠯ ᠴᠣᠭᠴᠠ ︵ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠪᠠᠭᠲᠠᠭᠠᠨ᠎ᠠ︶ ᠬᠥᠭᠵᠢᠭᠡᠳ 284.58 | ᠲᠦᠮᠡᠨ ᠡᠷᠦᠬᠡ ᠪᠣᠯᠵᠤ᠂ ᠠᠳᠠᠯᠢ ᠬᠤᠭᠤᠴᠠᠭᠠᠨ ᠤ ᠬᠢ ᠠᠴᠠ 7.26% ᠪᠠᠷ ᠨᠡᠮᠡᠭᠳᠡᠪᠡ᠂ ᠡᠭᠦᠨ ᠳᠤ 68.89 | ᠲᠦᠮᠡᠨ ᠡᠷᠦᠬᠡ ᠠᠵᠤ ᠠᠬᠤᠶᠢᠯᠠᠯ᠂ 208.63 ᠲᠦᠮᠡᠨ ᠡᠷᠦᠬᠡ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ᠂ 7.06 ᠲᠦᠮᠡᠨ ᠡᠷᠦᠬᠡ ᠲᠠᠷᠢᠶᠠᠴᠢᠳ ᠤᠨ ᠲᠤᠰᠬᠠᠢ ᠬᠤᠷᠰᠢᠶ᠎ᠠ ᠪᠣᠶ᠃ 1 ᠳ᠋ᠦ᠋ᠭᠡᠷ ᠰᠠᠷ᠎ᠠ ᠠᠴᠠ 8 ᠳ᠋ᠤᠭᠠᠷ | ᠰᠠᠷ᠎ᠠ ᠳᠤ᠂ ᠪᠥᠬᠦ ᠣᠷᠣᠨ ᠳᠤ ᠨᠡᠶᠢᠲᠡ 31.89 ᠲᠦᠮᠡᠨ ᠡᠷᠦᠬᠡ ᠡᠵᠡᠩᠨᠡᠯᠲᠡ ᠶᠢᠨ ᠭᠤᠣᠯ ᠴᠣᠭᠴᠠ ᠰᠢᠨ᠎ᠡ ᠪᠠᠷ | ᠪᠠᠶᠢᠭᠤᠯᠤᠭᠳᠠᠵᠤ᠂ ᠠᠳᠠᠯᠢ ᠬᠤᠭᠤᠴᠠᠭᠠᠨ ᠤ ᠬᠢ ᠠᠴᠠ 7.63% ᠪᠠᠷ ᠨᠡᠮᠡᠭᠳᠡᠵᠡᠢ᠂ ᠡᠭᠦᠨ ᠳᠤ ᠰᠢᠨ᠎ᠡ ᠪᠠᠷ | ᠪᠠᠶᠢᠭᠤᠯᠤᠭᠳᠠᠭᠰᠠᠨ ᠠᠵᠤ ᠠᠬᠤᠶᠢᠯᠠᠯ 7.16 ᠲᠦᠮᠡᠨ ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ 24.52 ᠲᠦᠮᠡᠨ ᠡᠷᠦᠬᠡ᠂ ᠲᠠᠷᠢᠶᠠᠴᠢᠳ ᠤᠨ ᠲᠤᠰᠬᠠᠢ ᠬᠤᠷᠰᠢᠶ᠎ᠠ 2130 ᠡᠷᠦᠬᠡ ᠪᠣᠶ᠃ 8 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠭᠤᠣᠯ | ᠴᠣᠭᠴᠠ ᠶᠢᠨ ᠶᠡᠷᠦᠩᠬᠡᠢ ᠬᠡᠮᠵᠢᠶ᠎ᠡ ︵ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ︶ ᠨᠢ 269.94 ᠲᠦᠮᠡᠨ ᠡᠷᠦᠬᠡ ᠳᠤ ᠬᠦᠷᠴᠦ ᠂ ᠠᠳᠠᠯᠢ ᠬᠤᠭᠤᠴᠠᠭᠠᠨ ᠤ | ᠬᠢ ᠠᠴᠠ 7.54% ᠪᠠᠷ ᠨᠡᠮᠡᠭᠳᠡᠨ᠂ ᠪᠥᠬᠦ ᠡᠵᠡᠩᠨᠡᠯᠲᠡ ᠶᠢᠨ ᠭᠤᠣᠯ ᠴᠣᠭᠴᠠ ᠶᠢᠨ 94.86% ᠶᠢ ᠡᠵᠡᠯᠡᠪᠡ᠃ | ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ |