ᠰᠠᠶᠢᠬᠠᠨ ᠲᠣᠭᠤᠷᠢᠭ ᠤᠨ ᠬᠤᠸᠠᠩ ᠾᠧ ᠱᠣᠣ ᠪᠠᠯᠭᠠᠰᠤᠨ ᠤ ᠭᠧ ᠴᠢᠯᠠᠭᠤ ᠲᠣᠰᠭᠤᠨ ᠳᠣᠯᠣᠳᠤᠭᠠᠷ ᠬᠤᠭᠤᠴᠠᠭᠠᠨ ᠤ ᠯᠠᠩᠭᠤᠸᠠ ᠶᠢᠨ ᠡᠯᠪᠡᠭ ᠬᠤᠷᠢᠶᠠᠯᠲᠠ ᠶᠢᠨ ᠨᠠᠶᠢᠷ ᠡᠷᠬᠢᠯᠡᠪᠡ
ᠨᠡᠶᠢᠲᠡᠯᠡᠭᠰᠡᠨ ᠴᠠᠭ᠄
2024/9/7
 
     9 ᠰᠠᠷ᠎ᠠ ᠶᠢᠨ 5 ᠤ ᠡᠳᠦᠷ᠂ ᠬᠤᠸᠠᠩ ᠾᠧ ᠱᠣᠣ ᠪᠠᠯᠭᠠᠰᠤᠨ ᠤ ᠭᠧ ᠴᠢᠯᠠᠭᠤ ᠲᠣᠰᠬᠤᠨ ᠤ ᠳᠣᠯᠣᠳᠤᠭᠠᠷ ᠬᠤᠭᠤᠴᠠᠭᠠᠨ ᠤ ᠯᠠᠩᠭᠤᠸᠠ ᠶᠢᠨ ᠡᠯᠪᠡᠭ ᠬᠤᠷᠢᠶᠠᠯᠲᠠ ᠶᠢᠨ ᠪᠠᠶᠠᠷ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃
           ᠤᠷᠠᠨ ᠰᠠᠶᠢᠬᠠᠨ ᠤ ᠲᠣᠭᠯᠠᠯᠲᠠ ᠨᠢ ᠰᠢᠨ᠎ᠡ ᠴᠠᠭ ᠦᠶ᠎ᠡ ᠶᠢᠨ ᠥᠷᠭᠡᠨ ᠣᠯᠠᠨ ᠲᠠᠷᠢᠶᠠᠴᠢᠳ ᠤᠨ ᠡᠯᠪᠡᠭ ᠬᠤᠷᠢᠶᠠᠯᠲᠠ ᠪᠠᠨ ᠪᠡᠯᠭᠡᠯᠡᠬᠦ᠂ ᠳᠡᠯᠭᠡᠨ ᠦᠵᠡᠭᠦᠯᠬᠦ ᠪᠠ ᠡᠳ᠋ᠯᠡᠬᠦ ᠭᠦᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ᠃  ᠭᠤᠶᠢᠳᠠ ᠰᠠᠶᠢᠬᠠᠨ ᠲᠣᠭᠯᠠᠯᠲᠠ ᠨᠢ ᠲᠠᠷᠢᠶᠠᠴᠢᠨ ᠲᠦᠮᠡᠨ ᠤ ᠪᠠᠭ᠋ᠠᠷᠬᠠᠯ ᠢ  ᠣᠯᠪᠠ᠃
     ᠥᠷᠭᠡᠨ ᠣᠯᠠᠨ ᠲᠠᠷᠢᠶᠠᠴᠢᠳ ᠤᠨ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠲᠣᠰ ᠠᠵᠢᠯᠯᠠᠭ᠎ᠠ ᠳᠤ ᠭᠧ ᠴᠢᠯᠠᠭᠤ ᠲᠣᠰᠬᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠳᠤᠮᠳᠠᠬᠢ ︽ᠬᠠᠮᠤᠭ ᠤᠨ ᠭᠤᠶᠣ ᠪᠠᠶᠠᠵᠢᠯ ᠤᠨ ᠳᠠᠭᠠᠭᠤᠯᠤᠭᠴᠢ︾᠂ ︽ᠬᠠᠮᠤᠭ ᠤᠨ ᠭᠤᠶᠣ ᠲᠠᠷᠢᠮᠠᠯ ᠤᠨ ᠡᠷᠦᠬᠡ︾ ᠵᠢᠴᠢ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠤᠨ ᠳᠤᠮᠳᠠᠬᠢ ︽ᠬᠠᠮᠤᠭ ᠤᠨ ᠭᠤᠶᠣ ᠭᠡᠷ ᠪᠦᠯᠢ︾ ᠶᠢ ᠰᠠᠶᠢᠰᠢᠶᠠᠪᠠ᠃ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠪᠠᠷ ᠳᠠᠮᠵᠢᠭᠤᠯᠤᠨ ᠡᠷᠭᠢᠨ ᠲᠣᠭᠤᠷᠢᠨ ᠤ ᠣᠯᠠᠨ ᠲᠦᠮᠡᠨ ᠢ ᠳᠠᠶᠢᠴᠢᠯᠠᠵᠤ᠂ ᠠᠮᠤ ᠪᠤᠳᠠᠭ᠎ᠠ ᠲᠠᠷᠢᠬᠤ᠂ ᠠᠮᠤ ᠪᠤᠳᠠᠭ᠎ᠠ ᠪᠠᠨ ᠬᠠᠶᠢᠷᠠᠯᠠᠬᠤ᠂ ᠠᠮᠤ ᠪᠤᠳᠠᠭ᠎ᠠ ᠪᠠᠨ ᠬᠥᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠠᠷᠢᠶᠠᠴᠢᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠷᠭᠡᠳᠬᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠥᠪᠡᠷ ᠤᠨ ᠳᠠᠷᠢᠭᠰᠠᠨ ᠯᠠᠩᠭᠤᠸᠠ ᠪᠠᠨ ᠠᠪᠴᠤ ᠳᠡᠯᠭᠡᠨ ᠦᠵᠡᠭᠦᠯᠵᠦ᠂ ᠬᠤᠳᠠ ᠶᠢᠨ ᠠᠷᠠᠳ ᠤᠨ ᠠᠩᠬᠠᠷᠤᠯ ᠢ  ᠲᠠᠲᠠᠪᠠ᠃ ︽ᠪᠢ ᠯᠠᠩᠭᠤᠸᠠ ᠭᠤᠴᠢ ᠭᠠᠷᠤᠢ ᠵᠢᠯ ᠲᠠᠷᠢᠵᠦ᠂ ᠤᠳᠤ ᠮᠠᠨ ᠤ ᠲᠤᠰᠬᠤᠨ ᠤ ᠯᠠᠩᠭᠤᠸᠠ ᠤᠯᠠᠮ ᠠᠴᠠ ᠤᠯᠠᠮ ᠨᠠᠷᠠᠲᠠᠢ᠂ ᠠᠮᠲᠠ ᠨᠢ ᠰᠠᠶᠢᠨ᠂ ᠪᠣᠷᠤᠯᠠᠭᠤᠯᠭ᠎ᠠ ᠨᠢ ᠵᠢᠯ ᠠᠴᠠ ᠵᠢᠯ ᠶᠡᠭᠡ᠂ ᠪᠢᠳᠡᠨ ᠤ ᠤᠷᠤᠯᠭ᠎ᠠ ᠴᠦ ᠨᠡᠮᠡᠭᠳᠡᠵᠦ᠂ ᠲᠠᠷᠢᠬᠤ ᠢᠳᠡᠪᠬᠢᠵᠢᠯ  ᠢ ᠨᠡᠮᠡᠭᠳᠡᠭᠦᠯᠵᠡᠢ︾ ᠭᠡᠵᠦ ᠦ᠋ ᠹᠧᠨ ᠵᠧᠨ ᠪᠠᠶᠠᠷᠲᠠᠢ ᠪᠠᠷ ᠰᠤᠷᠪᠤᠯᠵᠢᠯᠠᠭᠴᠢ ᠳᠤ  ᠬᠡᠯᠡᠵᠡᠢ᠃
      ᠳᠤᠷ᠎ᠠ ᠰᠣᠨᠢᠷᠬᠠᠯ ᠤᠨ ᠲᠠᠮᠢᠷ ᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠲᠠᠷᠢᠶᠠᠴᠢᠳ ᠢ ︽ᠭᠤᠣᠯ ᠳᠦᠷᠢ︾ ᠳᠠᠭᠤᠯᠠᠭᠤᠯᠵᠤ᠂ ᠬᠦᠷ ᠬᠦᠭᠵᠢᠶᠡᠨ ᠲᠠᠢ ᠤᠯᠠᠨ ᠵᠦᠢᠯ ᠤᠨ ᠲᠠᠮᠢᠷ ᠤᠨ ᠤᠷᠤᠯᠳᠤᠭᠠᠨ ᠶᠠᠪᠤᠭᠳᠠᠭᠤᠯᠵᠤ᠂   ︽ᠰᠢᠨ᠎ᠡ ᠬᠥᠳᠡᠭᠡ ᠲᠣᠰᠬᠤᠨ︾ ᠤ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠬᠤ ᠲᠡᠮᠡᠴᠡᠯ ᠤᠨ ᠵᠣᠷᠢᠭ ᠢ ᠢᠯᠡᠷᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠷᠡᠭᠦᠯᠵᠡᠢ᠃            ︽ᠡᠨᠡ ᠵᠢᠯ ᠲᠣᠰᠬᠤᠨ ᠳᠤ 300 ᠭᠠᠷᠤᠢ ᠮᠦ ᠯᠠᠩᠭᠤᠸᠠ ᠲᠠᠷᠢᠵᠤ᠂ ᠡᠯᠪᠡᠭ ᠬᠤᠷᠢᠶᠠᠯᠲᠠ ᠣᠯᠵᠤ᠂ ᠶᠡᠷᠦᠩᠬᠡᠢ ᠤᠨᠠᠯᠲᠠ ᠨᠢ 60 ᠲᠦᠮᠡᠨ ᠵᠢᠩ ᠢ ᠳᠠᠪᠠᠵᠤ᠂ ᠲᠣᠰᠬᠤᠨ ᠤ ᠠᠷᠠᠳ ᠲᠤ ᠪᠠᠷᠤᠭ 120 ᠲᠦᠮᠡᠨ ᠲᠥᠭᠦᠷᠢᠭ ᠤᠨ ᠣᠷᠣᠯᠭ᠎ᠠ ᠶᠢ ᠠᠪᠴᠢᠷᠠᠭᠰᠠᠨ ᠪᠠᠶᠢᠨ᠎ᠠ᠃ ᠬᠡᠳᠦᠨ ᠬᠤᠭᠤᠴᠠᠭᠠᠨ ᠤ ᠯᠠᠩᠭᠤᠸᠠ ᠶᠢᠨ ᠡᠯᠪᠡᠭ ᠬᠤᠷᠢᠶᠠᠯᠲᠠ ᠶᠢᠨ ᠪᠠᠶᠠᠷ ᠢ ᠠᠮᠵᠢᠯᠲᠠ ᠲᠠᠢ ᠡᠷᠬᠢᠯᠡᠭᠰᠡᠨ ᠨᠢ ᠮᠠᠨ ᠤ ᠯᠠᠩᠭᠤᠸᠠ ᠶᠢᠨ ᠭᠠᠷᠮᠠᠭᠠᠢ ᠶᠠᠰᠤ ᠴᠢᠨᠠᠷ ᠢ ᠤᠬᠠᠭᠤᠯᠤᠭᠰᠠᠨ ᠢᠶᠠᠷ ᠪᠠᠷᠠᠬᠤ ᠦᠭᠡᠢ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠦ᠂ ᠮᠠᠨ ᠤ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ︾ ᠭᠡᠵᠦ ᠭᠧ ᠴᠢᠯᠠᠭᠤ ᠲᠣᠰᠬᠤᠨ ᠤ ᠨᠠᠮ ᠤᠨ ᠡᠭᠦᠷ ᠤᠨ ᠱᠦᠵᠢ ᠵᠤᠤ ᠮᠢᠶᠣᠣ ᠴᠠᠨ  ᠲᠠᠨᠢᠯᠴᠠᠭᠤᠯᠪᠠ᠃            ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号