| | ᠵᠣᠴᠢᠨ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ | ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠵᠦ ᠵᠢᠶᠧ | | ᠰᠤᠷᠪᠤᠯᠵᠢᠯᠠᠭᠰᠠᠨ ᠴᠠᠭ᠄ | 2024 ᠣᠨ ᠤ 8 ᠳ᠋ᠤᠭᠠᠷ ᠰᠠᠷ᠎ᠠ ᠶᠢᠨ 28 ᠤ ᠡᠳᠦᠷ | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | | ᠬᠥᠲᠥᠯᠥᠭᠴᠢ᠄ | ᠵᠢᠭᠤᠯᠴᠢᠯᠠᠯ ᠤᠨ ᠦᠢᠯᠡᠰ ᠪᠣᠯ ᠰᠢᠨ᠎ᠡ ᠪᠠᠷ ᠬᠥᠭᠵᠢᠭᠰᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠲᠤᠯᠭᠠᠭᠤᠷᠢᠯᠠᠬᠤ ᠠᠵᠤ ᠦᠢᠯᠡᠰ ᠮᠥᠨ᠂ ᠪᠠᠰᠠ ᠴᠤ ᠴᠠᠭ ᠦᠶ᠎ᠡ ᠶᠢᠨ ᠢᠯᠡᠳᠲᠡ ᠣᠨᠴᠠᠯᠢᠭ ᠲᠠᠢ ᠠᠷᠠᠳ ᠤᠨ | ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠮᠥᠨ᠃ ᠮᠠᠨ ᠤ ᠤᠯᠤᠰ ᠤᠨ ᠵᠢᠭᠤᠯᠴᠢᠯᠠᠯ ᠤᠨ | ᠬᠥᠭᠵᠢᠯᠲᠡ ᠲᠦᠷᠭᠡᠨ ᠤ ᠵᠠᠮ ᠳᠤ ᠣᠷᠣᠵᠤ᠂ ᠪᠦᠬᠦ ᠳᠡᠯᠡᠬᠡᠢ ᠶᠢᠨ ᠬᠠᠮᠤᠭ ᠤᠨ ᠲᠣᠮᠣ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠣᠢ ᠪᠣᠯᠭᠠᠪᠠ᠃ ᠬᠥᠬᠡᠬᠤᠲᠠ ᠨᠢ ᠥᠪᠡᠷᠲᠡᠭᠡᠨ ᠵᠠᠰᠠᠬᠤ | ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠵᠠ ᠵᠠᠪᠰᠢᠶᠠᠨ | ᠲᠣᠬᠢᠶᠠᠯᠳᠤᠵᠤ ᠪᠠᠶᠢᠨ᠎ᠠ᠃ | ᠥᠨᠥᠳᠥᠷ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ | ᠳᠠᠷᠤᠭ᠎ᠠ ᠵᠦ ᠵᠢᠶᠧ ᠶᠢ ᠣᠨᠴᠠᠭᠠᠶᠢᠯᠠᠨ ᠤᠷᠢᠵᠤ᠂ ︽ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ | ᠠᠬᠤᠢ ᠶᠢᠨ ᠬᠥᠭᠵᠢᠯᠲᠡ ᠳᠤ ᠡᠨᠧᠷᠭᠢ ᠣᠯᠭᠤᠶᠠ︾ ᠭᠡᠬᠦ ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ | ᠳᠡᠭᠡᠷ᠎ᠡ ᠰᠠᠨᠠᠯ ᠢᠶᠠᠨ ᠰᠣᠯᠢᠯᠴᠠᠶ᠎ᠠ᠃ | | ᠬᠥᠲᠥᠯᠥᠭᠴᠢ᠄ | ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ | ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠨ ᠤ ᠬᠤᠲᠠ ᠶᠢᠨ ᠵᠢᠭᠤᠯᠴᠢᠯᠠᠯ ᠤᠨ | ᠬᠥᠭᠵᠢᠯᠲᠡ ᠲᠦᠷᠭᠡᠨ ᠤ ᠵᠠᠮ ᠳᠤ ᠣᠷᠣᠪᠠ᠃ ᠣᠯᠠᠨ ᠳᠤ ᠮᠠᠨ ᠤ ᠬᠤᠲᠠ ᠶᠢᠨ ᠡᠳ᠋ ᠤᠨ ᠵᠠᠰᠠᠭ ᠠᠴᠠ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠡᠮᠵᠢᠭᠰᠡᠨ ᠶᠡᠷᠦᠩᠬᠡᠢ ᠪᠠᠶᠢᠳᠠᠯ ᠢ ᠲᠠᠨᠢᠯᠴᠠᠭᠤᠯᠵᠤ ᠥᠭᠭᠦᠭᠡᠴᠢ᠃ | | ᠸᠠᠩ ᠵᠧᠨ ᠵᠢᠶᠠᠩ᠄ | ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠵᠢᠭᠤᠯᠴᠢᠯᠠᠬᠤ ᠳᠤ | ᠲᠣᠬᠢᠷᠠᠮᠵᠢᠲᠠᠢ︾ ᠬᠤᠲᠠ ᠶᠢᠨ ᠲᠥᠯᠦᠪᠵᠢᠭᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ | ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠳᠠᠬᠢ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠴᠢᠷᠮᠠᠶᠢᠨ ᠲᠡᠭᠦᠯᠳᠡᠷᠵᠢᠭᠦᠯᠵᠦ᠂ | ᠰᠣᠶᠣᠯ ᠤᠨ ᠬᠦᠷᠢᠶᠡᠨ ᠤ ᠲᠤᠰᠬᠠᠢ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠵᠦ᠂ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠵᠤ᠂ ᠤᠳᠬ᠎ᠠ ᠵᠣᠬᠢᠶᠠᠯ | ᠤᠷᠠᠯᠢᠭ ᠤᠨ ᠦᠢᠯᠡᠰ ᠤᠨ ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ︽ᠵᠢᠭᠤᠯᠴᠢᠯᠠᠯ ᠢᠶᠠᠷ | ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠲᠦᠰᠢᠭᠯᠡᠨ ︽ᠵᠢᠭᠤᠯᠴᠢᠯᠠᠯ +︾ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃ | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ︾ ᠳᠤ᠄ ︽ᠵᠢᠭᠤᠯᠴᠢᠯᠠᠯ ᠨᠢ ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ | ᠠᠴᠢᠶᠠᠯᠠᠪᠤᠷᠢ ᠪᠣᠯᠪᠠ︾ ︽ᠰᠣᠶᠣᠯ ᠪᠠ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠪᠠᠶᠢᠳᠠᠯ ᠤᠨ | ᠠᠭᠤᠰᠤᠯᠴᠠᠯ᠂ ᠦᠢᠯᠡᠳᠬᠦᠨ ᠤ ᠠᠭᠤᠰᠤᠯᠴᠠᠯ᠂ ᠵᠠᠬ᠎ᠠ ᠳᠡᠯᠭᠡᠭᠦᠷ ᠤᠨ ᠠᠭᠤᠰᠤᠯᠴᠠᠯ᠂ ᠦᠢᠯᠡᠴᠢᠯᠡᠭᠡᠨ ᠤ | ᠠᠭᠤᠰᠤᠯᠴᠠᠯ ᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠥᠭᠵᠢᠯᠲᠡ ᠶᠢᠨ ᠬᠠᠮᠲᠤᠷᠠᠯ | ᠬᠦᠴᠦᠨ ᠢ ᠪᠦᠷᠢᠯᠳᠦᠭᠦᠯᠪᠡ︾ ᠭᠡᠵᠦ ᠳᠤᠷᠠᠳᠪᠠ᠃ | 2023 ᠣᠨ ᠳᠤ᠂ ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠳ ᠢ 5058.10 ᠲᠦᠮᠡᠨ | ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 773 ᠳ᠋ᠦᠩᠰᠢᠭᠤᠷ ᠲᠥᠭᠦᠷᠢᠭ | ᠬᠦᠷᠴᠡᠢ᠃ ᠳᠡᠭᠡᠷ᠎ᠡ ᠬᠠᠭᠠᠰ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠳ ᠢ ᠨᠡᠶᠢᠲᠡ 2741.4 ᠲᠦᠮᠡᠨ | ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 341.49 ᠳ᠋ᠦᠩᠰᠢᠭᠤᠷ | ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.12% ᠢᠶᠠᠷ ᠨᠡᠮᠡᠭᠳᠡᠪᠡ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠢᠭᠤᠯᠴᠢᠯᠠᠯ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠠᠯᠬᠤᠴᠠ ᠶᠢ ᠠᠯᠳᠠᠯ ᠦᠭᠡᠢ ᠳᠠᠭᠠᠵᠤ᠂ | ᠣᠷᠣᠨ ᠤ ᠲᠥᠪ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠭᠰᠠᠨ ᠬᠥᠭᠵᠢᠯᠲᠡ ᠶᠢ ᠠᠬᠢᠭᠤᠯᠬᠤ ᠶᠢ | ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠳᠤ ︽ᠬᠤᠷᠳᠤᠳᠬᠠᠯ︾ ᠭᠠᠷᠭᠠᠵᠤ᠂ | ᠠᠷᠠᠳ ᠣᠯᠠᠨ ᠳᠤ ᠪᠠᠶᠢᠭᠠᠯᠢ ᠶᠢᠨ ᠭᠤᠸ᠎ᠠ ᠰᠠᠶᠢᠬᠠᠨ ᠢ ᠣᠶᠢᠯᠠᠭᠠᠭᠤᠯᠬᠤ ᠳᠤᠮᠳᠠ ᠰᠣᠶᠣᠯ ᠤᠨ ᠭᠤᠸ᠎ᠠ ᠰᠠᠶᠢᠬᠠᠨ ᠢ | ᠮᠡᠳᠡᠷᠡᠭᠦᠯᠵᠦ᠂ ᠣᠶᠤᠨ ᠰᠠᠨᠠᠭᠠᠨ ᠤ ᠭᠤᠸ᠎ᠠ ᠰᠠᠶᠢᠬᠠᠨ ᠢ ᠪᠣᠯᠪᠠᠰᠤᠷᠠᠭᠤᠯᠪᠠ᠃ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠭᠤᠰᠤᠯᠴᠠᠭᠤᠯᠤᠨ | ᠬᠥᠭᠵᠢᠭᠦᠯᠵᠦ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮᠵᠢ ᠶᠢ | ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠵᠤ᠂ ᠮᠠᠨ ᠤ | ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠪᠠ᠃ | | ᠬᠥᠲᠥᠯᠥᠭᠴᠢ᠄ | ᠢᠯᠡ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠶᠢᠷ᠎ᠠ ᠶᠢᠨ ᠵᠢᠯ ᠳᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠬᠦ ᠳᠡᠮᠵᠢᠯᠭᠡ ᠪᠠᠨ | ᠲᠠᠰᠤᠷᠠᠯᠲᠠ ᠦᠭᠡᠢ ᠴᠢᠩᠭᠠᠳᠬᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ ᠢᠯᠡᠷᠡᠭᠦᠯᠪᠡ᠃ | ᠲᠡᠭᠡᠪᠡᠯ ᠪᠣᠳᠠᠲᠠᠢ ᠪᠠᠷ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ᠂ ᠡᠳ᠋ ᠤᠨ | ᠵᠠᠰᠠᠭ ᠠᠴᠠ ᠭᠤᠣᠯ ᠶᠠᠮᠠᠷ ᠶᠠᠮᠠᠷ ᠠᠵᠢᠯ ᠬᠢᠭᠰᠡᠨ ᠪᠣᠢ︖ | | ᠵᠦ ᠵᠢᠶᠧ᠄ | ᠣᠶᠢᠷ᠎ᠠ ᠶᠢᠨ ᠬᠤᠶᠠᠷ ᠵᠢᠯ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠯᠠᠨ ᠲᠠᠯ᠎ᠠ᠂ ᠣᠯᠠᠨ | ᠠᠷᠭ᠎ᠠ ᠵᠠᠮ᠂ ᠣᠯᠠᠨ ᠠᠷᠭ᠎ᠠ ᠬᠡᠮᠵᠢᠶ᠎ᠡ ᠬᠡᠷᠡᠭᠯᠡᠨ ᠡᠯ᠎ᠡ ᠵᠦᠢᠯ ᠤᠨ ᠪᠡᠯᠡ ᠮᠥᠩᠭᠦ ᠶᠢ ᠢᠳᠡᠪᠬᠢᠲᠡᠢ ᠴᠤᠭᠯᠠᠭᠤᠯᠵᠤ᠂ | ᠲᠤᠰ ᠱᠠᠲᠤᠨ ᠤ ᠣᠷᠣᠭᠤᠯᠤᠯᠲᠠ ᠶᠢ ᠴᠢᠷᠮᠠᠶᠢᠨ ᠴᠢᠩᠭᠠᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠪᠡ᠃ | ᠨᠢᠭᠡ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠪᠠ | ᠡᠨᠡ ᠵᠢᠯ᠂ ᠬᠤᠲᠠ ᠶᠢᠨ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠡᠯᠡ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠡᠬᠢᠨ ᠳᠤ ᠪᠡᠯᠡ ᠮᠥᠩᠭᠦ 9735. | 98 ᠲᠦᠮᠡᠨ ᠲᠥᠭᠦᠷᠢᠭ ᠲᠣᠬᠢᠷᠠᠭᠤᠯᠪᠠ᠂ ᠡᠭᠦᠨ ᠳᠤ᠄ ᠵᠢᠭᠤᠯᠴᠢᠯᠠᠯ ᠤᠨ ᠤᠬᠠᠭᠤᠯᠭ᠎ᠠ ᠶᠢᠨ ᠪᠡᠯᠡ ᠮᠥᠩᠭᠦ 880 | ᠲᠦᠮᠡᠨ ᠲᠥᠭᠦᠷᠢᠭ︔ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠡᠯᠡ ᠮᠥᠩᠭᠦ 320 ᠲᠦᠮᠡᠨ ᠲᠥᠭᠦᠷᠢᠭ | ︔ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠶᠢᠨ ᠢᠵᠢ ᠪᠦᠷᠢᠳᠦᠭᠦᠯᠬᠦ | ᠪᠡᠯᠡ ᠮᠥᠩᠭᠦ 94 ᠲᠦᠮᠡᠨ ᠲᠥᠭᠦᠷᠢᠭ︔ ᠡᠯ᠎ᠡ ᠵᠦᠢᠯ ᠤᠨ ᠴᠢᠬᠤᠯᠠ ᠶᠡᠭᠡ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢᠨ ᠪᠡᠯᠡ ᠮᠥᠩᠭᠦ 1300 ᠭᠠᠷᠤᠢ ᠲᠦᠮᠡᠨ ᠲᠥᠭᠦᠷᠢᠭ᠃ ᠰᠣᠶᠣᠯ ᠢ ᠤᠯᠠᠮᠵᠢᠯᠠᠬᠤ ᠠᠵᠢᠯᠯᠠᠭ᠎ᠠ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ | ︽ᠮᠦᠽᠧᠢ ᠶᠢᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠲᠠᠰ ᠳᠡᠪᠰᠢᠭᠦᠯᠬᠦ᠂ ᠰᠣᠶᠣᠯ ᠤᠨ ᠲᠠᠪᠤᠨ ᠣᠷᠳᠣᠨ ︵ᠨᠣᠮ ᠤᠨ ᠰᠠᠩ᠂ ᠰᠣᠶᠣᠯ ᠤᠨ ᠣᠷᠳᠣᠨ᠂ | ᠤᠷᠠᠨ ᠵᠢᠷᠤᠭ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ︶ ᠢ ᠰᠦᠢᠳᠬᠡᠯ ᠬᠤᠷᠢᠶᠠᠬᠤ ᠦᠭᠡᠢ ᠪᠠᠷ | ᠴᠢᠯᠦᠭᠡᠲᠡᠢ ᠨᠡᠭᠡᠭᠡᠬᠦ᠂ ᠴᠢᠨᠠᠷ ᠰᠠᠶᠢᠲᠠᠢ ᠣᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠪᠣᠶ ᠪᠣᠯᠭᠠᠬᠤ ᠶᠢ ᠪᠥᠬᠦ | ᠬᠦᠴᠦᠨ ᠢᠶᠠᠷ ᠢᠶᠠᠨ ᠳᠡᠮᠵᠢᠪᠡ᠃ ︽ᠬᠤᠨ ᠭᠠᠯᠠᠭᠤ ᠤᠩᠰᠢᠯᠭ᠎ᠠ︾ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠨᠣᠮ ᠤᠨ ᠰᠠᠩ ᠤᠨ ᠶᠡᠷᠦᠩᠬᠡᠢ ᠣᠷᠳᠣᠨ ᠬᠤᠪᠢᠶᠠᠷᠢ ᠣᠷᠳᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ | ᠬᠤᠲᠠ ᠶᠢᠨ ᠨᠣᠮ ᠤᠨ ᠥᠷᠥᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ 500 ᠭᠠᠷᠤᠢ ᠬᠤᠲᠠ ᠶᠢᠨ | ᠠᠷᠠᠳ ᠤᠨ ᠭᠡᠷ ᠤᠨ ᠡᠭᠦᠳᠡᠨ ᠳᠠᠬᠢ ︽ᠰᠣᠶᠣᠯ ᠤᠨ ᠵᠣᠴᠢᠨ ᠤ ᠲᠢᠩᠬᠢᠮ︾ ᠢ ᠪᠠᠶᠢᠭᠤᠯᠵᠤ᠂ ︽ᠰᠦᠯᠵᠢᠶᠡᠨ ᠳᠡᠭᠡᠷᠡᠬᠢ | + ᠰᠦᠯᠵᠢᠶᠡᠨ ᠭᠠᠳᠠᠨᠠᠬᠢ︾ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠱᠤᠭᠤᠮᠠᠯ ᠤᠨ ᠤᠷᠠᠯᠢᠭ ᠤᠨ ᠣᠷᠳᠣᠨ | ᠵᠡᠷᠭᠡ ᠰᠣᠶᠣᠯ ᠤᠨ ᠲᠠᠯᠠᠪᠤᠷ ᠲᠤ ᠰᠣᠶᠣᠯ ᠤᠨ ᠪᠦᠲᠦᠭᠡᠯᠴᠢ ᠳᠡᠯᠭᠡᠭᠦᠷ᠂ ᠣᠨᠴᠠᠯᠢᠭᠲᠤ ᠢᠳᠡᠭᠡᠨ ᠤᠮᠳᠠᠭᠠᠨ ᠵᠡᠷᠭᠡ | ᠦᠢᠯᠡᠴᠢᠯᠡᠭᠡ ᠶᠢ ᠲᠣᠬᠢᠷᠠᠭᠤᠯᠪᠠ᠃ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ | ᠰᠣᠶᠣᠯ ᠤᠨ ᠴᠢᠳᠠᠪᠤᠷᠢᠲᠠᠨ ᠢ ᠬᠥᠮᠥᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠵᠡᠷᠭᠡ ᠲᠥᠷᠥᠯ ᠵᠦᠢᠯ ᠢ ᠥᠷᠨᠢᠭᠦᠯᠬᠦ ᠶᠢ ᠴᠢᠬᠤᠯᠠᠴᠢᠯᠠᠪᠠ᠃ ᠰᠣᠶᠣᠯ ᠤᠨ | ᠠᠵᠢᠯ ᠢ ᠨᠠᠷᠢᠯᠢᠭ ᠭᠦᠨᠵᠡᠭᠡᠢ ᠰᠠᠶᠢᠲᠤᠷ ᠬᠢᠬᠦ ᠳᠤ ᠪᠠᠲᠤ ᠪᠠᠬᠢ ︽ᠠᠷᠤ ᠲᠠᠯ᠎ᠠ ᠶᠢᠨ ᠦᠢᠯᠡᠴᠢᠯᠡᠭᠡ︾ ᠶᠢᠨ ᠪᠠᠲᠤᠯᠠᠭ᠎ᠠ | ᠬᠠᠩᠭᠠᠵᠤ᠂ ᠮᠠᠨ ᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦ ᠨᠡᠮᠡᠷᠢ | ᠪᠣᠯᠪᠠ᠃ | ᠬᠤᠶᠠᠷ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠰᠢᠯᠵᠢᠭᠦᠯᠦᠨ ᠲᠥᠯᠥᠬᠦ | ᠪᠡᠯᠡ ᠮᠥᠩᠭᠦ ᠶᠢ ᠰᠠᠶᠢᠲᠤᠷ ᠬᠡᠷᠡᠭᠯᠡᠪᠡ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠬᠥᠳᠡᠯᠦᠯᠴᠡᠬᠦ ᠪᠠᠨ ᠴᠢᠩᠭᠠᠳᠭᠠᠵᠤ᠂ ᠵᠢᠭᠤᠯᠴᠢᠯᠠᠯ ᠤᠨ ᠣᠷᠴᠢᠨ ᠲᠣᠭᠤᠷᠢᠨ ᠤ ᠨᠥᠬᠦᠴᠡᠯ ᠢ ᠶᠡᠬᠡᠪᠡᠷ | ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠢᠭᠡᠨᠲᠡ 14 ᠵᠦᠢᠯ ᠤᠨ ᠳᠡᠭᠡᠳᠦ ᠱᠠᠲᠤᠨ ᠤ ᠰᠣᠶᠣᠯ ᠵᠢᠭᠤᠯᠴᠢᠯᠠᠯ ᠤᠨ | ᠰᠢᠯᠵᠢᠭᠦᠯᠦᠨ ᠲᠥᠯᠥᠬᠦ ᠪᠡᠯᠡ ᠮᠥᠩᠭᠦ ᠶᠢ 12557.26 ᠲᠦᠮᠡᠨ ᠲᠥᠭᠦᠷᠢᠭ ᠣᠯᠵᠤ᠂ ᠠᠯᠢ ᠣᠯᠠᠨ | ᠭᠤᠣᠯᠳᠠᠯᠭ᠎ᠠ ᠲᠠᠢ ᠲᠥᠷᠥᠯ ᠵᠦᠢᠯ ᠢ ᠬᠦᠴᠦᠲᠡᠢ ᠳᠡᠮᠵᠢᠪᠡ᠃ ᠡᠭᠦᠨ ᠤ ᠬᠠᠮᠲᠤ ᠪᠡᠯᠡ ᠮᠥᠩᠭᠦ ᠥᠭᠬᠦ ᠶᠠᠪᠤᠴᠠ ᠳᠤ᠂ | ᠪᠡᠯᠡ ᠮᠥᠩᠭᠦ ᠥᠭᠬᠦ ᠠᠬᠢᠴᠠ ᠶᠢ ᠬᠦᠴᠦᠯᠡᠨ ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ | ᠴᠢᠬᠤᠯᠠᠴᠢᠯᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠦᠨᠡᠨ ᠬᠦ | ᠪᠠᠲᠤᠯᠠᠪᠠ᠃ | ᠭᠤᠷᠪᠠ᠂ ᠰᠣᠶᠣᠯ ᠵᠢᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠳᠠᠮᠵᠢᠵᠤ᠂ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠬᠦᠷᠲᠡᠪᠡ | 2024 ᠣᠨ ᠳᠤ᠂ ᠬᠤᠲᠠ ᠶᠢᠨ ᠡᠳ᠋ ᠤᠨ ᠵᠠᠰᠠᠭ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠵᠥᠭᠡᠯᠡᠨ ᠪᠣᠳᠠᠲᠤ ᠬᠦᠴᠦᠨ ᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠪᠡ᠃ ᠵᠢᠯ ᠤᠨ ᠡᠬᠢᠨ ᠳᠤ 870 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ 2024 | ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠪᠥᠬᠦ ᠬᠦᠴᠦᠨ ᠢᠶᠠᠷ ᠢᠶᠠᠨ ᠳᠡᠮᠵᠢᠪᠡ᠃ ᠣᠶᠢᠷ᠎ᠠ ᠶᠢᠨ ᠬᠤᠭᠤᠴᠠᠭᠠᠨ ᠳᠤ᠂ ᠠᠷᠪᠠᠳᠤᠭᠠᠷ | ᠬᠤᠭᠤᠴᠠᠭᠠᠨ ᠤ ᠮᠦᠽᠧᠢ ᠶᠢᠨ ᠦᠵᠡᠰᠬᠦᠯᠡᠩ ᠤᠨ ᠴᠤᠭᠯᠠᠭᠠᠨ᠂ ᠬᠤᠷᠢᠨ ᠲᠠᠪᠤᠳᠤᠭᠠᠷ ᠬᠤᠭᠤᠴᠠᠭᠠᠨ ᠤ ᠵᠤᠤ | ᠵᠢᠶᠦ᠋ᠨ ᠤ ᠰᠣᠶᠣᠯ ᠤᠷᠠᠯᠢᠭ ᠤᠨ ᠨᠠᠶᠢᠷ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ | 1030 ᠲᠦᠮᠡᠨ ᠲᠥᠭᠦᠷᠢᠭ ᠤᠨ ᠪᠡᠯᠡ ᠮᠥᠩᠭᠦ ᠢᠳᠡᠪᠬᠢᠲᠡᠢ ᠴᠤᠭᠯᠠᠭᠤᠯᠵᠤ᠂ ᠬᠤᠶᠠᠷ ᠶᠡᠭᠡ ᠠᠵᠢᠯᠯᠠᠭ᠎ᠠ ᠶᠢ | ᠬᠥᠭᠵᠢᠶᠡᠨᠲᠡᠢ ᠥᠷᠨᠢᠭᠦᠯᠬᠦ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ ᠭᠠᠳᠠᠨᠠᠬᠢ ᠬᠥᠬᠡᠬᠤᠲᠠ ᠶᠢᠨ ᠠᠯᠳᠠᠷᠰᠢᠯ ᠢ | ᠳᠠᠬᠢᠨᠲᠠ ᠠᠯᠳᠠᠷᠰᠢᠭᠤᠯᠵᠤ᠂ ᠣᠷᠣᠨ ᠤ ᠲᠥᠪ ᠬᠤᠲᠠ ᠶᠢ ᠬᠥᠮᠥᠰ ᠤᠨ ᠠᠩᠬᠠᠷᠤᠯ ᠳᠤ ᠬᠦᠷᠭᠡᠵᠦ᠂ ᠲᠠᠯ᠎ᠠ | ᠨᠤᠲᠤᠭ ᠤᠨ ᠬᠤᠳᠠ ᠶᠢᠨ ᠢᠷᠠᠭᠤ ᠠᠯᠳᠠᠷ ᠢ ᠣᠯᠪᠠ᠃ | | ᠬᠥᠲᠥᠯᠥᠭᠴᠢ᠄ | ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠬᠦᠴᠦᠷᠬᠡᠭ | ᠶᠡᠭᠡ ᠪᠡᠯᠡ ᠮᠥᠩᠭᠦ ᠶᠢᠨ ᠪᠠᠲᠤᠯᠠᠭ᠎ᠠ ᠶᠢᠨ ᠦᠢᠯᠡᠳᠦᠯ ᠭᠠᠷᠭᠠᠭᠰᠠᠨ ᠶᠤᠮ ᠪᠠᠶᠢᠨ᠎ᠠ᠂ ᠮᠥᠨᠴᠦ ᠪᠢᠳᠠᠨ ᠳᠤ ᠡᠳ᠋ ᠤᠨ | ᠵᠠᠰᠠᠭ ᠠᠴᠠ ᠰᠣᠶᠣᠯ ᠵᠢᠭᠤᠯᠴᠢᠯᠠᠯ ᠤᠨ ᠠᠵᠢᠯ ᠢ ᠳᠡᠮᠵᠢᠭᠰᠡᠨ ᠲᠤᠬᠠᠢ ᠨᠡᠩ ᠰᠢᠨ᠎ᠡ ᠣᠶᠢᠯᠠᠭᠠᠯᠲᠠ ᠣᠯᠭᠤᠯ᠎ᠠ᠃ | ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠰᠢᠨ᠎ᠡ ᠦᠷ᠎ᠡ ᠪᠦᠲᠦᠭᠡᠯ ᠠᠴᠠ | ᠪᠢᠳᠠᠨ ᠳᠤ ᠪᠣᠳᠠᠲᠠᠢ ᠶᠠᠷᠢᠵᠤ ᠥᠭᠭᠦᠨ᠎ᠡ ᠤᠤ︖ ᠵᠦ ᠵᠢᠶᠧ᠄ ᠡᠳ᠋ ᠤᠨ ᠵᠠᠰᠠᠭ ᠠᠴᠠ ᠮᠠᠨ ᠤ ᠬᠤᠲᠠ ᠶᠢᠨ | ᠰᠣᠶᠣᠯ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠳᠡᠮᠵᠢᠵᠦ᠂ ᠶᠠᠷᠢᠶᠠᠨ ᠦᠭᠡᠢ ᠶᠡᠭᠡ ᠰᠠᠶᠢᠨ ᠬᠥᠭᠵᠢᠯᠲᠡ ᠶᠢᠨ | ᠦᠷ᠎ᠡ ᠪᠦᠲᠦᠭᠡᠯ ᠣᠯᠣᠭᠰᠠᠨ ᠶᠤᠮ᠂ ᠳᠣᠣᠷ᠎ᠠ ᠪᠢ ᠭᠤᠣᠯᠳᠠᠭᠤ ᠳᠦᠷᠪᠡᠨ ᠲᠠᠯ᠎ᠠ ᠠᠴᠠ ᠣᠯᠠᠨ ᠳᠤ | ᠲᠠᠨᠢᠯᠴᠠᠭᠤᠯᠤᠶ᠎ᠠ᠃ | ᠨᠢᠭᠡ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠰᠲ᠋ᠧᠮᠵᠢ ᠤᠯᠠᠮ ᠲᠡᠭᠦᠯᠳᠡᠷᠵᠢᠪᠡ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠪᠥᠬᠦ ᠬᠦᠴᠦᠨ ᠢᠶᠠᠷ ᠢᠶᠠᠨ | ᠬᠠᠮᠵᠢᠯᠴᠠᠨ ᠵᠢᠭᠤᠯᠴᠢᠯᠠᠯ ᠤᠨ ᠬᠥᠭᠵᠢᠯᠲᠡ ᠶᠢ ᠲᠡᠭᠦᠯᠳᠡᠷᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠢᠶᠠᠷ ᠭᠤᠣᠯ | ᠪᠣᠯᠭᠠᠨ᠂ ︽ᠨᠢᠭᠡ ᠬᠤᠩᠭᠢᠯ᠂ ᠬᠤᠶᠠᠷ ᠲᠡᠩᠭᠡᠯᠢᠭ · ᠭᠤᠷᠪᠠᠨ ᠪᠦᠰᠡ︾ ᠶᠢᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢᠨ ᠲᠣᠭᠤᠷᠢᠨ ᠳᠤ ᠶᠡᠭᠡ ᠬᠦᠴᠦ ᠣᠷᠣᠭᠤᠯᠤᠨ | ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠬᠡᠷᠡᠭᠵᠢᠭᠦᠯᠪᠡ᠃ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠵᠢᠭᠤᠯᠴᠢᠯᠠᠯ ᠤᠨ ᠪᠦᠰᠡ᠂ ᠴᠡᠯᠡᠭᠡᠷ | ᠲᠠᠯ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ ᠦᠨᠡᠯᠡᠭᠳᠡᠵᠦ᠂ | ᠠᠳᠤᠭᠤᠨ ᠰᠣᠶᠣᠯ ᠢ ᠪᠡᠶᠡᠴᠢᠯᠡᠨ ᠣᠶᠢᠯᠠᠭᠠᠬᠤ᠂ ᠰᠣᠶᠣᠯ ᠤᠨ ᠲᠣᠭᠯᠠᠯᠲᠠ ᠤᠷᠠᠯᠢᠭ᠂ ᠴᠡᠯᠡᠭᠡᠷ ᠲᠠᠯ᠎ᠠ ᠶᠢᠨ ᠦᠨᠦᠷ | ᠠᠮᠲᠠ ᠵᠡᠷᠭᠡ ᠪᠡᠶᠡᠴᠢᠯᠡᠨ ᠣᠶᠢᠯᠠᠭᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ᠂ ︽ᠴᠡᠯᠡᠭᠡᠷ ᠲᠠᠯ᠎ᠠ ᠶᠢᠨ ᠬᠤᠸᠠ ᠢ | ᠠᠬ᠎ᠠ ᠳᠡᠭᠦᠦ ᠣᠳᠣᠨ ᠲᠢᠶᠠᠲᠷ︾ ᠢ ︽ᠴᠡᠯᠡᠭᠡᠷ ᠲᠠᠯ᠎ᠠ ᠶᠢᠨ ᠣᠳᠣᠨ ᠦᠵᠡᠮᠵᠢ︾ ᠪᠣᠯᠭᠠᠨ ᠲᠠᠰ ᠳᠡᠪᠰᠢᠭᠦᠯᠦᠨ | ᠥᠭᠡᠷᠡᠴᠢᠯᠡᠨ ᠪᠠᠶᠢᠭᠤᠯᠤᠨ ᠡᠵᠡᠩᠨᠡᠵᠦ᠂ ᠲᠣᠭᠯᠠᠯᠲᠠ ᠶᠢᠨ ᠤᠷᠠᠯᠢᠭ ᠤᠨ ᠲᠢᠶᠠᠲᠷ᠂ ᠢᠳᠡᠭᠡᠨ ᠤᠮᠳᠠᠭᠠᠨ ᠤ ᠵᠡᠭᠡᠯᠢ | ᠲᠣᠭᠤᠷᠢᠭ ᠵᠡᠷᠭᠡ ᠲᠤᠯᠤᠭᠠᠨ ᠶᠡᠭᠡ ᠬᠡᠰᠡᠭ ᠢ ᠪᠠᠶᠢᠭᠤᠯᠵᠤ᠂ ︽ᠴᠡᠯᠡᠭᠡᠷ ᠲᠠᠯ᠎ᠠ︾ ᠶᠢᠨ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠡᠳᠦᠷ ᠢᠷᠡᠬᠦᠶ᠎ᠡ ᠥᠷᠭᠡᠳᠬᠡᠪᠡ᠃ ︽ᠱᠧᠩ ᠱᠦᠢ ᠯᠢᠶᠠᠩ - ᠵᠢᠦ ᠯᠦᠩ | ᠸᠠᠨ︾ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠤᠨ ᠡᠵᠡᠩᠨᠡᠬᠦ᠂ ᠡᠭᠦᠳᠡᠨ ᠪᠢᠯᠧᠲ ᠢ ᠬᠠᠷᠢᠯᠴᠠᠨ ᠲᠠᠨᠢᠬᠤ᠂ | ᠠᠭᠤᠯᠠᠨ ᠭᠠᠵᠠᠷ ᠤᠨ ᠰᠢᠳᠦᠨ ᠵᠠᠮ ᠤᠨ ᠭᠠᠯᠲᠤ ᠲᠡᠷᠭᠡ᠂ ᠲᠡᠮᠳᠡᠭ ᠫᠠᠶᠢᠰᠠ ᠵᠡᠷᠭᠡ ᠢᠵᠢ ᠪᠦᠷᠢᠳᠦᠭᠦᠯᠬᠦ ᠲᠥᠷᠥᠯ | ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠠᠲᠤᠨ ᠭᠤᠣᠯ ᠣᠷᠳᠣ ᠴᠠᠭᠠᠨ ᠬᠡᠷᠡᠮ ᠤᠨ ᠥᠩᠭᠡ | ᠦᠵᠡᠮᠵᠢ ᠶᠢᠨ ᠪᠦᠰᠡ ᠶᠢ ᠡᠭᠦᠳᠦᠨ ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠢ | ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ | ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ ᠵᠡᠷᠭᠡ 13 ᠲᠥᠷᠥᠯ ᠵᠦᠢᠯ ᠢ ᠨᠢᠭᠡᠨᠲᠡ ᠳᠠᠭᠤᠰᠬᠠᠵᠤ | ᠂ ᠶᠠᠭ ᠦᠵᠡᠮᠵᠢ ᠶᠢᠨ ᠣᠷᠣᠨ ᠤ ᠨᠣᠭᠤᠭᠠᠷᠠᠭᠤᠯᠤᠯᠲᠠ᠂ ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ ᠵᠡᠷᠭᠡ | ᠲᠥᠷᠥᠯ ᠵᠦᠢᠯ ᠢ ᠢᠳᠡᠪᠬᠢᠲᠡᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠡᠭᠦᠳᠦᠨ ᠪᠠᠶᠢᠭᠤᠯᠬᠤ ᠡᠭᠦᠷᠭᠡ ᠪᠠᠨ ᠨᠢᠭᠡᠨᠲᠡ ᠳᠠᠭᠠᠭᠠᠨ ᠠᠪᠴᠤ᠂ ᠵᠢᠱᠢᠯᠲᠡ ᠪᠠᠷ 9 ᠳ᠋ᠤᠭᠠᠷ | ᠰᠠᠷ᠎ᠠ ᠳᠤ ᠰᠣᠶᠣᠯ ᠵᠢᠭᠤᠯᠴᠢᠯᠠᠯ ᠤᠨ ᠶᠠᠮᠤᠨ ᠳᠤ ᠳᠡᠪᠰᠢᠭᠦᠯᠵᠦ ᠲᠤᠬᠠᠢ ᠶᠢᠨ ᠭᠠᠵᠠᠷ ᠲᠤᠨᠢ ᠰᠢᠯᠭᠠᠭᠤᠯᠬᠤ ᠪᠠᠷ | ᠪᠠᠶᠢᠨ᠎ᠠ᠃ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠣᠷᠳᠣ ᠴᠠᠭᠠᠨ ᠬᠡᠷᠡᠮ ᠤᠨ | ᠰᠣᠶᠣᠯ ᠤᠨ ᠮᠦᠽᠧᠢ ᠶᠢᠨ ᠭᠤᠣᠯ ᠪᠠᠷᠢᠯᠭ᠎ᠠ ᠶᠢ ᠳᠠᠭᠤᠰᠬᠠᠵᠤ᠂ ᠶᠠᠭ ᠴᠡᠴᠡᠷᠯᠢᠭ ᠨᠡᠭᠡᠭᠡᠬᠦ ᠶᠣᠰᠣᠯᠠᠯ ᠳᠤ | ᠪᠡᠯᠡᠳᠬᠡᠵᠦ ᠪᠠᠶᠢᠨ᠎ᠠ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠪᠦᠰᠡ ᠳᠤ ᠰᠣᠶᠣᠯ ᠵᠢᠭᠤᠯᠴᠢᠯᠠᠯ ᠤᠨ | ᠦᠢᠯᠡᠰ ᠢ ᠣᠷᠣᠭᠤᠯᠬᠤ ᠶᠢ ᠠᠬᠢᠭᠤᠯᠤᠨ᠂ ᠵᠠᠮ ᠳᠠᠭᠠᠤ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠵᠤ᠂ ᠶᠡᠭᠡ | ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠴᠡᠷᠯᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠪᠠᠶᠠᠯᠢᠭᠵᠢᠭᠤᠯᠵᠤ᠂ ᠬᠡᠭᠡᠷ᠎ᠡ ᠪᠠᠭᠤᠳᠠᠯᠯᠠᠬᠤ ᠠᠵᠤ ᠠᠬᠤᠢ᠂ ᠠᠶᠢᠯ ᠪᠠᠭᠤᠴᠠ ᠶᠢᠨ ᠠᠵᠤ ᠠᠬᠤᠢ ᠥᠷᠨᠢᠨ ᠬᠥᠭᠵᠢᠵᠦ᠂ | ᠵᠢᠭᠤᠯᠴᠢᠯᠠᠭᠴᠢᠳ ᠢ ᠨᠡᠶᠢᠲᠡ 80 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ | ᠳ᠋ᠦᠩᠰᠢᠭᠤᠷ ᠲᠥᠭᠦᠷᠢᠭ ᠢ ᠳᠠᠪᠠᠪᠠ᠃ ︽ᠰᠥᠨᠢ ᠶᠢᠨ ᠵᠢᠭᠤᠯᠴᠢᠯᠠᠯ︾ ᠤᠨ ᠬᠡᠷᠡᠭᠯᠡᠭᠡᠨ ᠤ ᠭᠤᠣᠯ ᠣᠷᠣᠨ ᠢ | ᠪᠣᠶᠢᠵᠢᠭᠤᠯᠪᠠ᠃ ᠪᠣᠭᠤᠮᠲᠠ ᠶᠢᠨ ᠬᠠᠭᠤᠴᠢᠨ ᠵᠡᠭᠡᠯᠢ᠂ ᠣᠪᠣᠭ᠎ᠠ ᠲᠣᠰᠬᠤᠨ ᠵᠡᠷᠭᠡ 2 ᠤᠯᠤᠰ ᠤᠨ ᠲᠠᠰ ᠤᠨ | ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠵᠤ᠂ ᠮᠤᠷᠤᠢ | ᠭᠤᠳᠤᠮᠵᠢ᠂ ᠥᠷᠭᠡᠨ ᠭᠤᠳᠤᠮᠵᠢ ᠵᠡᠷᠭᠡ ︽ᠠᠷᠪᠠᠨ ᠶᠡᠭᠡ ᠰᠥᠨᠢ ᠶᠢᠨ ᠵᠢᠭᠤᠯᠴᠢᠯᠠᠯ ᠤᠨ ᠭᠠᠵᠠᠷ︾ ᠢ ᠪᠠᠶᠢᠭᠤᠯᠵᠤ᠂ | ︽ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ︾᠂ ︽ᠮᠢᠩᠭᠠᠨ ᠣᠨ ᠤ ᠵᠣᠣ ᠵᠢᠶᠦ᠋ᠨ ᠤ ᠮᠠᠭᠲᠠᠭᠠᠯ︾ | ᠵᠡᠷᠭᠡ ᠰᠣᠶᠣᠯ ᠵᠢᠭᠤᠯᠴᠢᠯᠠᠯ ᠤᠨ ᠬᠤᠳᠠᠯᠳᠤᠭᠠᠨ ᠤ ᠣᠯᠠᠨ ᠡᠰᠢᠲᠦ ᠠᠭᠤᠰᠤᠯᠴᠠᠯ ᠤᠨ ᠬᠡᠷᠡᠭᠯᠡᠭᠡᠨ ᠤ ᠪᠠᠶᠢᠳᠠᠯ ᠢ | ᠪᠣᠶ ᠪᠣᠯᠭᠠᠪᠠ᠃ | ᠬᠤᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠦᠷᠭᠦᠯᠵᠢᠯᠡᠨ ᠭᠦᠨᠵᠡᠭᠡᠶᠢᠷᠡᠪᠡ | | ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠣᠨᠴᠠᠯᠢᠭ ᠢ ᠭᠦᠨᠵᠡᠭᠡᠢ | ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ | ᠠᠬᠢᠭᠤᠯᠪᠠ᠃ ᠨᠢᠭᠡ ᠳᠤ ︽ᠰᠣᠶᠣᠯ ᠵᠢᠭᠤᠯᠴᠢᠯᠠᠯ + ᠲᠠᠷᠢᠶᠠᠯᠠᠩ︾ ᠢ ᠬᠥᠭᠵᠢᠭᠦᠯᠪᠡ᠃ ᠰᠡᠩᠭᠡ ᠶᠢᠨ ᠠᠶᠢᠯ | ᠲᠣᠰᠬᠤᠨ ᠵᠡᠷᠭᠡ ᠥᠪᠡᠷᠲᠡᠭᠡᠨ ᠵᠠᠰᠠᠬᠤ ᠣᠷᠣᠨ ᠤ ᠲᠡᠰ ᠤᠨ 4 ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ ᠢ ᠪᠠᠶᠢᠭᠤᠯᠵᠤ᠂ ᠰᠡᠩᠭᠡ ᠶᠢᠨ ᠠᠶᠢᠯ ᠲᠣᠰᠬᠤᠨ᠂ ᠬᠠᠰᠢᠶᠠᠲᠤ ᠲᠣᠰᠬᠤᠨ ᠵᠡᠷᠭᠡ 2 | ᠵᠢᠭᠤᠯᠴᠢᠯᠠᠯ ᠤᠨ ᠱᠤᠭᠤᠮ ᠨᠢ ᠰᠣᠶᠣᠯ ᠵᠢᠭᠤᠯᠴᠢᠯᠠᠯ ᠤᠨ ᠶᠠᠮᠤᠨ ᠤ ︽ᠦᠵᠡᠰᠬᠦᠯᠡᠩᠲᠦ ᠰᠠᠶᠢᠬᠠᠨ ᠬᠠᠪᠤᠷ ᠤᠨ | ᠲᠤᠶᠠᠭᠠᠲᠤ ᠵᠠᠮ ᠳᠡᠭᠡᠷ᠎ᠡ︾ ᠪᠠ ︽ᠬᠦᠴᠦᠯᠢᠭ ᠵᠦᠷᠵᠢ ᠶᠢᠨ ᠰᠢᠷ᠎ᠠ ᠵᠦᠷᠵᠢ ᠶᠢᠨ ᠨᠣᠭᠤᠭᠠᠨ ᠬᠥᠳᠡᠭᠡ ᠲᠣᠰᠬᠤᠨ ᠤ | ᠦᠵᠡᠮᠵᠢ︾ ᠶᠢᠨ ᠭᠤᠣᠯ ᠰᠡᠳᠦᠪᠲᠦ ᠵᠠᠮ ᠱᠤᠭᠤᠮ ᠢᠶᠠᠷ ᠰᠣᠩᠭᠤᠭᠳᠠᠵᠤ᠂ ᠬᠥᠳᠡᠭᠡ ᠲᠣᠰᠬᠤᠨ ᠤ ᠵᠢᠭᠤᠯᠴᠢᠯᠠᠯ ᠨᠢ | ᠬᠤᠳᠠ ᠶᠢᠨ ᠰᠠᠭᠤᠭᠠᠯᠢ ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠨ ᠠᠮᠠᠷᠠᠬᠤ ᠴᠢᠬᠤᠯᠠ ᠵᠣᠷᠢᠭᠰᠠᠨ | ᠭᠠᠵᠠᠷ ᠪᠣᠯᠵᠠᠢ᠃ ᠬᠤᠶᠠᠷ ᠲᠤ᠂ ︽ᠠᠵᠤ ᠦᠢᠯᠡᠳᠪᠦᠷᠢ + ᠰᠣᠶᠣᠯ ᠵᠢᠭᠤᠯᠴᠢᠯᠠᠯ︾ ᠢ ᠬᠥᠭᠵᠢᠭᠦᠯᠪᠡ᠃ ᠨᠢᠭᠡ ᠪᠦᠯᠦᠭ | ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ ᠵᠠᠢ ᠶᠢ | ᠡᠭᠦᠳᠦᠨ ᠪᠠᠶᠢᠭᠤᠯᠵᠤ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠤᠯᠤᠰ ᠤᠨ ᠲᠠᠰ ᠤᠨ | ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠢᠯᠢ ᠶᠢᠨ ᠲᠠᠯ᠎ᠠ ᠨᠤᠲᠤᠭ ᠤᠨ ᠰᠦ | ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠠᠩᠬᠠᠳᠠᠭᠴᠢ ᠪᠦᠯᠦᠭ 5G + ᠣᠶᠤᠨᠴᠢ | ᠵᠢᠭᠤᠯᠴᠢᠯᠠᠯ ᠤᠨ ᠲᠤᠷᠰᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠵᠦ᠂ ︽ᠴᠡᠯᠡᠭᠡᠷ ᠲᠠᠯ᠎ᠠ ᠣᠶᠤᠨᠴᠢ ᠠᠮᠢ | ᠠᠬᠤᠢ ᠶᠢᠨ ᠮᠠᠯᠵᠢᠯ ᠤᠨ ᠲᠠᠯᠠᠪᠠᠶ︾᠂ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ ᠪᠠᠶᠢᠭᠤᠯᠤᠨ | ᠨᠡᠭᠡᠭᠡᠯᠲᠡ ᠬᠢᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠲᠣᠭᠤᠷᠢᠨ ᠦᠵᠡᠵᠦ ᠬᠠᠷᠢᠯᠴᠠᠨ | ᠬᠥᠳᠡᠯᠦᠯᠴᠡᠬᠦ᠂ ᠰᠤᠳᠤᠯᠤᠨ ᠰᠤᠷᠤᠯᠴᠠᠵᠤ ᠵᠢᠭᠤᠯᠴᠢᠯᠠᠬᠤ ᠬᠡᠪ ᠳᠠᠭᠤᠷᠢᠶᠠᠯ ᠤᠨ ᠲᠥᠷᠥᠯ ᠵᠦᠢᠯ ᠢ ᠪᠣᠶ ᠪᠣᠯᠭᠠᠪᠠ᠃ | ᠭᠤᠷᠪᠠ ᠳᠤ᠂ ᠬᠤᠪᠢᠰᠬᠠᠯ ᠤᠨ ᠰᠣᠶᠣᠯ ᠵᠢᠭᠤᠯᠴᠢᠯᠠᠯ ᠢ ᠬᠥᠭᠵᠢᠭᠦᠯᠪᠡ᠃ ᠦᠴᠦᠸᠠᠨ ᠰᠢᠶᠠᠨ ᠢ ᠤᠯᠤᠰ ᠤᠨ | ᠬᠤᠪᠢᠰᠬᠠᠯ ᠤᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠪᠣᠯᠭᠠᠨ ᠡᠭᠦᠳᠦᠨ | ᠪᠠᠶᠢᠭᠤᠯᠬᠤ ᠶᠢ ᠦᠷᠭᠦᠯᠵᠢᠯᠡᠨ ᠠᠬᠢᠭᠤᠯᠪᠠ᠃ | ᠭᠤᠷᠪᠠ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ | ᠨᠢᠭᠡ ᠳᠤ᠂ ᠪᠠᠶᠠᠷ ᠳᠤᠷᠠᠰᠬᠠᠯ ᠤᠨ ᠡᠳᠦᠷ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠪᠠ᠃ 2024 | ᠣᠨ ᠳᠤ᠂ ᠬᠤᠲᠠ ᠶᠢᠨ ᠡᠳ᠋ ᠤᠨ ᠵᠠᠰᠠᠭ ᠠᠴᠠ 375 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ | ᠰᠢᠨ᠎ᠡ ᠵᠢᠯ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ᠂ ᠲᠠᠪᠤᠨ ᠰᠠᠷ᠎ᠠ ᠶᠢᠨ ᠨᠢᠭᠡᠨ ᠤ ᠪᠠᠶᠠᠷ ᠵᠡᠷᠭᠡ ᠪᠠᠶᠠᠷ ᠤᠨ | ᠡᠳᠦᠷ ᠲᠤ ᠬᠠᠨᠳᠤᠭᠤᠯᠵᠤ᠂ ᠳᠡᠯ ᠠᠭᠤᠯᠠ ᠶᠢᠨ ᠴᠡᠨᠡᠯᠲᠡ ᠶᠢᠨ ᠲᠠᠯᠠᠪᠠᠶ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ | ᠣᠨᠴᠠᠯᠢᠭᠲᠤ ᠦᠵᠡᠮᠵᠢ ᠶᠢᠨ ᠣᠷᠣᠨ᠂ ᠬᠡᠷᠡᠭᠯᠡᠭᠡ ᠲᠥᠪᠯᠡᠷᠡᠭᠰᠡᠨ ᠣᠷᠣᠨ ᠳᠤ ᠲᠦᠰᠢᠭᠯᠡᠨ᠂ ︽ᠤᠮᠠᠷᠠᠲᠤ ᠬᠢᠯᠢ ᠶᠢᠨ | ᠰᠢᠨ᠎ᠡ ᠵᠢᠯ ᠤᠨ ᠦᠳᠡᠰᠢ︾᠂ ︽ᠬᠥᠬᠡᠬᠤᠲᠠ ᠶᠢᠨ ᠮᠥᠰᠥ ᠴᠠᠰᠤᠨ ᠤ ᠨᠠᠶᠢᠷ︾᠂ ︽ᠪᠣᠳᠠᠰ ᠤᠨ ᠪᠤᠰᠤ ᠰᠣᠶᠣᠯ ᠤᠨ | ᠥᠪ ᠤᠨ ᠰᠦᠮ᠎ᠡ ᠶᠢᠨ ᠴᠤᠭᠯᠠᠭᠠᠨ︾᠂ ︽ᠴᠡᠴᠡᠭ ᠰᠣᠨᠢᠷᠬᠠᠬᠤ ᠤᠯᠠᠷᠢᠯ︾ ᠵᠡᠷᠭᠡ ᠨᠠᠷᠠᠲᠤ ᠲᠡᠮᠳᠡᠭᠲᠦ ᠶᠢᠨ | ᠠᠵᠢᠯᠯᠠᠭ᠎ᠠ ᠶᠢ ᠭᠤᠣᠯᠳᠠᠯᠭ᠎ᠠ ᠲᠠᠢ ᠡᠷᠬᠢᠯᠡᠨ᠂ ᠣᠯᠠᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ︽ᠰᠣᠶᠣᠯ | ᠵᠢᠭᠤᠯᠴᠢᠯᠠᠯ ᠬᠤᠳᠠᠯᠳᠤᠭᠠᠨ︾ ᠤ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠪᠠ᠃ ᠬᠤᠶᠠᠷ ᠲᠤ᠂ ᠲᠣᠭᠯᠠᠯᠲᠠ ᠶᠢᠨ ᠤᠷᠠᠯᠢᠭ ᠤᠨ ᠬᠡᠷᠡᠭᠯᠡᠭᠡᠨ ᠤ ᠠᠬᠤᠢ ᠪᠠᠶᠢᠳᠠᠯ ᠢ | ᠪᠤᠵᠠᠭᠠᠶᠢᠷᠠᠭᠤᠯᠪᠠ᠃ ᠵᠠᠩ ᠵᠢᠶᠧ᠂ ᠰᠢᠤᠸᠠᠢ ᡁᠢ ᠴᠢᠶᠠᠨ᠂ ᠵᠠᠩ ᠰᠢᠨ ᠵᠧ᠂ ᠳ᠋ᠧᠩ ᠽᠢ ᠴᠢ᠂ ᠭᠠᠷᠤᠳᠢ ᠭᠠᠯᠪᠢᠩᠭ᠎ᠠ | ᠬᠠᠮᠲᠤᠯᠢᠭ ᠤᠨ ᠳᠠᠭᠤᠨ ᠤ ᠦᠳᠡᠰᠢᠯᠡᠭᠡ ᠶᠢᠨ ᠲᠣᠭᠤᠷᠢᠨ ᠳᠤ᠂ ᠤᠷᠠᠯᠢᠭ ᠤᠨ ᠠᠵᠤ ᠠᠬᠤᠢ ᠶᠢ ᠬᠥᠭᠵᠢᠭᠦᠯᠵᠦ᠂ | ᠰᠣᠶᠣᠯ ᠤᠨ ᠦᠵᠡᠰᠬᠦᠯᠡᠩ᠂ ᠣᠨᠴᠠᠯᠢᠭᠲᠤ ᠵᠡᠭᠡᠯᠢ ᠲᠣᠭᠤᠷᠢᠭ᠂ ᠰᠦᠯᠵᠢᠶᠡᠨ ᠤ ᠰᠣᠳᠣᠨ ᠭᠠᠵᠠᠷ ᠵᠡᠷᠭᠡ | ᠬᠡᠷᠡᠭᠯᠡᠭᠡᠨ ᠤ ᠠᠬᠤᠢ ᠪᠠᠶᠢᠳᠠᠯ ᠢ ᠪᠠᠶᠢᠭᠤᠯᠵᠤ᠂ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠵᠤ ᠬᠤᠳᠠᠯᠳᠤᠨ | ᠠᠪᠬᠤ ᠵᠤᠭ᠎ᠠ ᠴᠡᠩᠭᠡᠯ︾ ᠵᠢᠭᠤᠯᠴᠢᠯᠠᠯ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠪᠠ᠃ ᠭᠤᠷᠪᠠ ᠳᠤ᠂ ᠰᠣᠶᠣᠯ | ᠦᠵᠡᠰᠬᠦᠯᠡᠩ ᠤᠨ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠪᠡ᠃ ᠡᠨᠡ ᠵᠢᠯ᠂ ᠬᠤᠲᠠ ᠶᠢᠨ ᠡᠳ᠋ ᠤᠨ ᠵᠠᠰᠠᠭ ᠠᠴᠠ | 100 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠶᠢ ᠬᠠᠮᠵᠢᠨ ︽ᠮᠦᠽᠧᠢ ᠶᠢᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠶᠡᠷᠦᠩᠬᠡᠢ ᠣᠷᠳᠣᠨ ᠬᠤᠪᠢᠶᠠᠷᠢ ᠣᠷᠳᠣᠨ ᠤ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠦᠨ᠂ ᠣᠯᠠᠨ | ᠤᠯᠤᠰ ᠤᠨ ᠮᠦᠽᠧᠢ ᠶᠢᠨ ᠨᠡᠶᠢᠭᠡᠮᠯᠢᠭ ᠲᠤ ᠣᠷᠣᠯᠴᠠᠵᠤ᠂ ᠬᠥᠬᠡᠬᠤᠲᠠ ᠮᠦᠽᠧᠢ᠂ ᠢᠯᠢ ᠶᠢᠨ ᠲᠠᠯ᠎ᠠ ᠨᠤᠲᠤᠭ ᠤᠨ | ᠰᠦ ᠶᠢᠨ ᠰᠣᠶᠣᠯ ᠤᠨ ᠮᠦᠽᠧᠢ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠶᠢ ᠤᠯᠤᠰ ᠤᠨ ᠨᠢᠭᠡᠳᠦᠭᠡᠷ | ᠳᠡᠰ ᠤᠨ ᠮᠦᠽᠧᠢ ᠪᠠᠷ ᠡᠭᠦᠳᠦᠨ ᠪᠠᠶᠢᠭᠤᠯᠵᠤ᠂ ᠠᠷᠪᠠᠳᠤᠭᠠᠷ ᠬᠤᠭᠤᠴᠠᠭᠠᠨ ᠤ ︽ᠮᠦᠽᠧᠢ ᠶᠢᠨ ᠦᠵᠡᠰᠬᠦᠯᠡᠩ ᠤᠨ | ᠴᠤᠭᠯᠠᠭᠠᠨ︾ ᠢ ᠠᠮᠵᠢᠯᠲᠠ ᠲᠠᠢ ᠡᠷᠬᠢᠯᠡᠪᠡ᠃ | ᠳᠥᠷᠪᠡ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠯᠡᠳᠲᠡ ᠰᠠᠶᠢᠵᠢᠷᠠᠪᠠ | ᠨᠢᠭᠡ ᠳᠤ᠂ ᠣᠯᠠᠨ ᠨᠡᠶᠢᠲᠡ ᠶᠢᠨ ᠰᠣᠶᠣᠯ ᠤᠨ ᠴᠢᠨᠠᠷ ᠰᠠᠶᠢᠲᠠᠢ ᠣᠷᠣᠨ ᠵᠠᠢ ᠶᠢ ᠪᠠᠶᠢᠭᠤᠯᠪᠠ᠃ ᠵᠢᠯ ᠤᠨ | ᠡᠬᠢᠨ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠲᠠᠢ ᠬᠠᠮᠲᠤᠷᠠᠨ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠣᠬᠢᠷᠠᠭᠤᠯᠵᠤ᠂ ᠳᠡᠭᠡᠳᠦ ᠱᠠᠲᠤᠨ ᠤ | ᠲᠤᠰᠬᠠᠢ ᠪᠡᠯᠡ ᠮᠥᠩᠭᠦ ᠶᠢ 846 ᠲᠦᠮᠡᠨ ᠲᠥᠭᠦᠷᠢᠭ ᠣᠯᠵᠤ᠂ ᠲᠤᠰ ᠱᠠᠲᠤᠨ ᠠᠴᠠ ᠢᠵᠢ ᠪᠦᠷᠢᠳᠦᠭᠦᠯᠬᠦ ᠪᠡᠯᠡ | ᠮᠥᠩᠭᠦ ᠶᠢ 94 ᠲᠦᠮᠡᠨ ᠲᠥᠭᠦᠷᠢᠭ ᠭᠠᠷᠭᠠᠵᠤ᠂ ᠣᠯᠠᠨ ᠨᠡᠶᠢᠲᠡ ᠶᠢᠨ ᠰᠣᠶᠣᠯ ᠤᠨ ᠶᠡᠷᠦᠩᠬᠡᠢ ᠣᠷᠳᠣᠨ | ᠬᠤᠪᠢᠶᠠᠷᠢ ᠣᠷᠳᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠬᠥᠬᠡᠬᠤᠲᠠ ᠶᠢᠨ ᠨᠣᠮ ᠤᠨ ᠰᠠᠩ 1 ᠬᠤᠪᠢᠶᠠᠷᠢ ᠣᠷᠳᠣᠨ᠂ 5 ᠨᠡᠭᠦᠳᠡᠯ ᠥᠷᠲᠡᠭᠡ ᠪᠠᠶᠢᠭᠤᠯᠤᠨ᠂ ︽ᠬᠤᠨ ᠭᠠᠯᠠᠭᠤ | ᠤᠩᠰᠢᠯᠭ᠎ᠠ︾ ᠨᠡᠷᠡᠲᠦ ᠲᠡᠮᠳᠡᠭ ᠢ ᠡᠭᠦᠳᠪᠡ᠃ ᠬᠤᠶᠠᠷ ᠲᠤ᠂ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠠᠬᠢᠭᠤᠯᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 50.86 ᠲᠦᠮᠡᠨ | ᠲᠥᠭᠦᠷᠢᠭ ᠪᠠᠭᠤᠯᠭᠠᠵᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢ ᠬᠠᠪᠰᠤᠷᠤᠨ ᠪᠦᠬᠦ ᠬᠤᠲᠠ ᠶᠢᠨ | ᠵᠢᠭᠤᠯᠴᠢᠯᠠᠯ ᠤᠨ ᠬᠥᠲᠥᠴᠢ ᠶᠢᠨ ᠤᠷᠤᠯᠳᠤᠭᠠᠨ᠂ ᠪᠦᠬᠦ ᠬᠤᠲᠠ ᠶᠢᠨ ᠵᠢᠭᠤᠯᠴᠢᠯᠠᠯ ᠤᠨ ᠬᠤᠭᠤᠯᠠᠨ ᠭᠡᠷ ᠤᠨ | ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ | ᠵᠢᠭᠤᠯᠴᠢᠯᠠᠯ ᠤᠨ ᠠᠵᠢᠯ ᠡᠷᠬᠢᠯᠡᠭᠴᠢᠳ ᠤᠨ ᠦᠢᠯᠡᠴᠢᠯᠡᠭᠡᠨ ᠤ ᠲᠤᠰᠬᠠᠶᠢᠵᠢᠯᠲᠠ᠂ ᠪᠠᠷᠢᠮᠵᠢᠶᠠᠵᠢᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ᠃ ᠭᠤᠷᠪᠠ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠢᠯ ᠤᠨ ᠡᠬᠢᠨ ᠤ | ᠲᠥᠰᠥᠪ ᠲᠤ 155 ᠲᠦᠮᠡᠨ ᠲᠥᠭᠦᠷᠢᠭ ᠤᠨ ᠪᠡᠯᠡ ᠮᠥᠩᠭᠦ ᠶᠢ ᠴᠣᠬᠤᠯᠠᠪᠤᠷᠢᠯᠠᠨ ᠵᠥᠪᠰᠢᠶᠡᠷᠡᠪᠡ᠃ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠠᠮᠠᠷᠠᠯᠲᠠ ᠶᠢᠨ | ᠡᠳᠦᠷ ᠤᠨ ᠵᠢᠭᠤᠯᠴᠢᠯᠠᠯ ᠤᠨ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ 12345 ᠢᠯᠡᠴᠢᠯᠡᠨ | ᠮᠡᠳᠡᠭᠦᠯᠬᠦ ᠤᠲᠠᠰᠤ ᠶᠢ ᠰᠠᠭᠠᠳ ᠦᠭᠡᠢ ᠨᠠᠪᠲᠠᠷᠡᠭᠦᠯᠵᠦ᠂ ᠬᠠᠮᠤᠭ ᠤᠨ ᠲᠡᠷᠢᠭᠦᠨ ᠳᠤ ᠠᠰᠠᠭᠤᠳᠠᠯ ᠢ ᠢᠯᠡᠷᠡᠭᠦᠯᠵᠦ᠂ | ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠪᠠ᠃ | | ᠬᠥᠲᠥᠯᠥᠭᠴᠢ᠄ | ᠲᠠᠨᠢᠯᠴᠠᠭᠤᠯᠬᠤ ᠶᠢ ᠰᠣᠨᠣᠰᠤᠭᠠᠳ ᠪᠢᠳᠠ ᠬᠥᠬᠡᠬᠤᠲᠠ ᠶᠢᠨ ᠡᠳ᠋ ᠤᠨ ᠵᠠᠰᠠᠭ ᠠᠴᠠ ᠰᠣᠶᠣᠯ | ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠠᠤᠭ᠎ᠠ ᠠᠮᠵᠢᠯᠲᠠ ᠶᠢ ᠤᠯᠠᠮ ᠨᠢᠭᠡ ᠠᠯᠬᠤᠮ ᠣᠶᠢᠯᠠᠭᠠᠯ᠎ᠠ᠃ | ᠪᠢᠳᠠᠨ ᠤ ᠮᠡᠳᠡᠬᠦ ᠪᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 17 ᠤ ᠡᠳᠦᠷ᠂ ᠲᠥᠪ ᠬᠤᠷᠢᠶᠠᠨ ᠠᠴᠠ ᠪᠡᠭᠡᠵᠢᠩ ᠳᠤ | ᠪᠦᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠬᠢᠪᠡ᠂ ᠡᠨᠡ ᠲᠠᠯ᠎ᠠ ᠪᠠᠷ ᠬᠥᠬᠡᠬᠤᠲᠠ ᠶᠢᠨ | ᠡᠳ᠋ ᠤᠨ ᠵᠠᠰᠠᠭ ᠠᠴᠠ ᠳᠠᠷᠠᠭᠠᠴᠢ ᠪᠠᠷ ᠶᠠᠮᠠᠷ ᠶᠠᠮᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠢᠨ᠎ᠡ ᠠᠷᠭ᠎ᠠ | ᠬᠡᠮᠵᠢᠶ᠎ᠡ ᠠᠪᠬᠤ ᠪᠤᠢ︖ | | ᠸᠠᠩ ᠵᠧᠨ ᠵᠢᠶᠠᠩ᠄ | ᠡᠩ ᠲᠡᠷᠢᠭᠦᠨ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠰᠤᠷᠤᠯᠴᠠᠵᠤ᠂ ᠤᠯᠤᠰ ᠤᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ | ᠢᠳᠡᠪᠬᠢᠲᠡᠢ ᠴᠤᠤᠷᠢᠶᠠᠲᠤᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠲᠠ ᠶᠢᠨ ᠣᠨᠴᠠᠯᠢᠭᠲᠤ | ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠭᠠᠷᠳᠠᠬᠤ ᠴᠡᠭ᠂ ᠰᠢᠪᠲᠤᠯᠤᠯᠲᠠ ᠶᠢᠨ ᠴᠡᠭ ᠢ ᠤᠯᠠᠮ ᠨᠢᠭᠡ ᠠᠯᠬᠤᠮ ᠣᠨᠣᠪᠴᠢᠲᠠᠢ ᠣᠯᠵᠤ᠂ ᠣᠷᠣᠨ ᠤ ᠲᠥᠪ | ᠬᠤᠲᠠ ᠶᠢᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ | ᠬᠠᠷᠠᠭᠤᠯᠵᠤ᠂ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠠ | ᠲᠣᠬᠢᠶᠠᠯ ᠢ ᠡᠵᠡᠮᠳᠡᠨ᠎ᠡ᠃ ᠵᠠᠰᠠᠭ ᠤᠨ ᠣᠷᠳᠣᠨ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︔ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠨᠴᠠᠯᠢᠭ ᠲᠠᠢ ᠬᠥᠭᠵᠢᠭᠦᠯᠬᠦ︔ ᠲᠥᠷᠥᠯ ᠲᠡᠮᠳᠡᠭ ᠢᠶᠠᠷ ᠬᠥᠲᠥᠯᠥᠨ | ᠳᠠᠭᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ︔ ᠰᠣᠶᠣᠯ ᠵᠢᠭᠤᠯᠴᠢᠯᠠᠯ ᠢ ᠠᠭᠤᠰᠤᠯᠴᠠᠭᠤᠯᠵᠤ᠂ ᠠᠵᠤ ᠦᠢᠯᠡᠰ ᠢᠶᠠᠷ | ᠳᠠᠶᠢᠴᠢᠯᠠᠬᠤ︔ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠶᠢᠨ ᠬᠢᠨ ᠣᠷᠣᠯᠴᠠᠬᠤ | ᠦᠨᠳᠦᠰᠦᠨ ᠵᠠᠷᠴᠢᠮ ᠶᠣᠰᠣᠭᠠᠷ᠂ ᠰᠣᠶᠣᠯ ᠢᠶᠠᠷ ᠵᠢᠭᠤᠯᠴᠢᠯᠠᠯ ᠢ ᠳᠠᠶᠢᠴᠢᠯᠠᠬᠤ᠂ ᠵᠢᠭᠤᠯᠴᠢᠯᠠᠯ ᠢᠶᠠᠷ ᠰᠣᠶᠣᠯ ᠢ | ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ | ︽ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ | ᠪᠥᠬᠦ ᠬᠤᠲᠠ ᠶᠢᠨ ᠵᠢᠭᠤᠯᠴᠢᠯᠠᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠳᠠᠷᠠᠭᠠᠯᠠᠪᠠᠯ᠂ | ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ | ᠣᠶᠢᠯᠠᠭᠠᠭᠳᠠᠬᠤᠨ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ᠂ ᠬᠠᠩᠭᠠᠯᠭ᠎ᠠ ᠪᠣᠯᠣᠨ ᠬᠡᠷᠡᠭᠴᠡᠭᠡ᠂ | ᠬᠠᠮᠠᠭᠠᠯᠠᠯᠲᠠ ᠪᠣᠯᠣᠨ ᠨᠡᠭᠡᠭᠡᠨ ᠬᠥᠭᠵᠢᠭᠦᠯᠦᠯᠲᠡ᠂ ᠳᠡᠯᠡᠬᠡᠢ ᠶᠢᠨ ᠪᠣᠯᠣᠨ ᠤᠯᠤᠰ ᠤᠨ ᠳᠣᠲᠣᠭᠠᠳᠤ ᠶᠢᠨ᠂ | ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠣᠯᠠᠨ ᠲᠦᠮᠡᠨ ᠤ | ᠵᠢᠭᠤᠯᠴᠢᠯᠠᠯ ᠤᠨ ᠬᠥᠭᠵᠢᠯᠲᠡ ᠶᠢᠨ ᠬᠠᠨᠳᠤᠰᠢ ᠶᠢ ᠭᠦᠢᠴᠡᠳ ᠡᠵᠡᠮᠳᠡᠵᠦ᠂ ᠨᠡᠩ ᠣᠯᠠᠨ ᠵᠢᠭᠤᠯᠴᠢᠯᠠᠯ +᠂ + | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠵᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠪᠣᠶᠢᠵᠢᠭᠤᠯᠵᠤ᠂ ᠠᠷᠠᠳ ᠣᠯᠠᠨ ᠤ ᠴᠢᠨᠠᠷ ᠰᠠᠶᠢᠲᠠᠢ ᠰᠣᠶᠣᠯ ᠪᠠ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ | ᠲᠠᠰᠤᠷᠠᠯᠲᠠ ᠦᠭᠡᠢ ᠬᠠᠩᠭᠠᠵᠤ᠂ ᠣᠷᠣᠨ ᠤ ᠲᠥᠪ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ | ᠡᠨᠡ ᠵᠢᠯ ᠤᠨ ᠳᠣᠣᠷ᠎ᠠ ᠬᠠᠭᠠᠰ ᠵᠢᠯ ᠳᠤ᠂ ᠪᠢᠳᠡ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠢᠭᠡ ᠳᠤ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠠᠵᠢᠯ ᠢ ᠰᠠᠶᠢᠲᠤᠷ ᠠᠳᠬᠤᠨ᠎ᠠ᠂ ᠭᠤᠣᠯᠳᠠᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ ᠰᠢᠵᠢᠮ ᠪᠣᠯᠭᠠᠵᠤ᠂ ᠰᠣᠶᠣᠯ᠂ ᠵᠢᠭᠤᠯᠴᠢᠯᠠᠯ᠂ | ᠪᠡᠶ᠎ᠡ ᠶᠢᠨ ᠲᠠᠮᠢᠷ᠂ ᠲᠠᠷᠢᠶᠠᠯᠠᠩ᠂ ᠬᠤᠳᠠᠯᠳᠤᠭᠠᠨ ᠤ ᠠᠭᠤᠰᠤᠯᠴᠠᠯ ᠢᠶᠠᠷ ᠭᠠᠷᠳᠠᠴᠠ ᠪᠣᠯᠭᠠᠵᠤ᠂ ᠤᠮᠠᠷᠠᠲᠤ ᠬᠢᠯᠢ ᠶᠢᠨ | ᠰᠣᠶᠣᠯ ᠤᠨ ᠲᠦᠷᠦᠯ ᠲᠡᠮᠳᠡᠭ ᠢ ᠪᠠᠶᠠᠯᠢᠭᠵᠢᠭᠤᠯᠵᠤ᠂ ᠬᠤᠳᠠ ᠶᠢ ᠨᠡᠩ ᠠᠮᠢᠵᠢᠷᠠᠯ ᠬᠥᠭᠵᠢᠶᠡᠨᠲᠡᠢ ᠪᠣᠯᠭᠠᠨ᠎ᠠ᠃ ᠨᠢᠭᠡ | ᠲᠠᠯ᠎ᠠ ᠪᠠᠷ᠂ ᠪᠣᠭᠤᠮᠲᠠ ᠶᠢᠨ ᠬᠠᠭᠤᠴᠢᠨ ᠵᠡᠭᠡᠯᠢ᠂ ᠥᠷᠭᠡᠨ ᠭᠤᠳᠤᠮᠵᠢ ᠵᠡᠷᠭᠡ ᠰᠡᠯᠡᠭᠦᠴᠡᠯ ᠤᠨ ᠵᠡᠭᠡᠯᠢ ᠲᠣᠭᠤᠷᠢᠭ ᠢ | ᠦᠷᠭᠦᠯᠵᠢᠯᠡᠨ ᠪᠠᠶᠢᠭᠤᠯᠵᠤ᠂ ᠡᠯ᠎ᠡ ᠵᠦᠢᠯ ᠤᠨ ᠣᠷᠣᠨ ᠨᠤᠲᠤᠭ ᠤᠨ ᠣᠨᠴᠠᠯᠢᠭ ᠲᠠᠢ ᠰᠣᠶᠣᠯ ᠵᠢᠭᠤᠯᠴᠢᠯᠠᠯ ᠤᠨ | ᠶᠡᠷᠦᠩᠬᠡᠶᠢᠯᠡᠭᠰᠡᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠵᠣᠬᠢᠶᠠᠨ ᠪᠠᠶᠢᠭᠤᠯᠤᠨ᠎ᠠ᠃ | ᠨᠥᠭᠦᠭᠡ ᠲᠠᠯ᠎ᠠ ᠪᠠᠷ ᠣᠷᠣᠨ ᠤ ᠲᠥᠪ ᠬᠤᠲᠠ ᠶᠢᠨ ᠲᠡᠦᠬᠡ ᠰᠣᠶᠣᠯ ᠪᠠ ᠰᠣᠶᠣᠯ ᠢᠷᠭᠡᠨᠰᠢᠯ ᠤᠨ ᠡᠬᠢ ᠪᠠᠶᠠᠯᠢᠭ ᠢ | ᠭᠦᠢᠴᠡᠳ ᠠᠭᠤᠳᠠᠯᠵᠤ᠂ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ ᠵᠡᠷᠭᠡ ᠶᠢ | ᠠᠭᠤᠰᠤᠯᠴᠠᠭᠤᠯᠤᠨ᠂ ︽ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ︾ ᠢ ᠡᠭᠦᠳᠬᠦ ᠲᠠᠯ᠎ᠠ ᠪᠠᠷ ᠵᠢᠱᠢᠶ᠎ᠡ | ᠦᠵᠡᠭᠦᠯᠦᠨ᠎ᠡ᠃ ᠡᠭᠦᠨ ᠠᠴᠠ ᠭᠠᠳᠠᠨ᠎ᠠ᠂ ᠪᠢᠳᠡ ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠦᠵᠡᠮᠵᠢ ᠶᠢᠨ ᠰᠣᠶᠣᠯ | ᠵᠢᠭᠤᠯᠴᠢᠯᠠᠯ ᠤᠨ ᠪᠦᠰᠡ ᠵᠡᠷᠭᠡ ᠳᠤ ᠲᠦᠰᠢᠭᠯᠡᠨ᠂ ︽2 + 2 + 6︾ A ᠲᠠᠰ ᠤᠨ ᠦᠵᠡᠮᠵᠢ ᠶᠢᠨ ᠣᠷᠣᠨ ᠢ | ᠰᠢᠨ᠎ᠡ ᠨᠡᠮᠡᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ | ᠪᠠᠶᠢᠭᠤᠯᠤᠯᠲᠠ ᠪᠣᠯᠣᠨ ︽ᠳᠥᠷᠪᠡᠨ ᠤᠯᠠᠷᠢᠯ︾ ᠤᠨ ᠰᠣᠶᠣᠯ ᠵᠢᠭᠤᠯᠴᠢᠯᠠᠯ ᠤᠨ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠣᠷᠣᠨ ᠤ ᠲᠥᠪ ᠬᠤᠲᠠ ᠶᠢᠨ ᠠᠷᠠᠳ ᠢᠷᠭᠡᠳ ᠪᠣᠯᠣᠨ ᠡᠯ᠎ᠡ ᠭᠠᠵᠠᠷ ᠤᠨ | ᠵᠢᠭᠤᠯᠴᠢᠯᠠᠭᠴᠢᠳ ᠲᠤ ᠠᠯᠢ ᠤᠯᠠᠷᠢᠯ ᠭᠡᠳ ᠴᠥᠮ ᠠᠳᠠᠯᠢ ᠪᠤᠰᠤ ᠰᠣᠶᠣᠯ ᠵᠢᠭᠤᠯᠴᠢᠯᠠᠯ ᠤᠨ ᠲᠥᠷᠥᠭᠳᠡᠯ | ᠣᠯᠭᠤᠨ᠎ᠠ᠃ ᠬᠤᠶᠠᠷ ᠲᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠡᠳ᠋ ᠤᠨ | ᠵᠠᠰᠠᠭ ᠵᠠᠷᠤᠯᠭ᠎ᠠ ᠶᠢᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ | ᠵᠢᠭᠤᠯᠴᠢᠯᠠᠯ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠵᠤ᠂ ︽ᠰᠣᠶᠣᠯ ᠢᠶᠠᠷ ᠬᠤᠲᠠ ᠪᠠᠨ ᠮᠠᠨᠳᠤᠭᠤᠯᠬᠤ︾ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠨ᠎ᠡ ᠥᠨᠳᠦᠷᠯᠢᠭ ᠲᠡᠰᠢ ᠠᠬᠢᠭᠤᠯᠤᠨ᠎ᠠ᠃ | | | ᠬᠥᠲᠥᠯᠥᠭᠴᠢ᠄ | ᠡᠨᠡ ᠡᠳᠦᠷ ᠤᠨ ︽ᠰᠣᠷᠪᠤᠯᠵᠢᠯᠠᠭ᠎ᠠ︾ ᠨᠡᠪᠲᠡᠷᠡᠭᠦᠯᠭᠡ ᠲᠠᠨᠠᠷ ᠲᠠᠢ ᠪᠠᠶᠠᠷᠲᠠᠢ ᠭᠡᠵᠦ ᠬᠡᠯᠡᠬᠦ ᠴᠠᠭ ᠪᠣᠯᠣᠯ᠎ᠠ᠂ | ᠠᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ | ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠵᠦ ᠵᠢᠶᠧ | ᠮᠠᠨ ᠤ ᠰᠢᠭᠤᠳ ᠨᠡᠪᠲᠡᠷᠡᠭᠦᠯᠭᠡ ᠶᠢᠨ ᠥᠷᠥᠭᠡᠨ ᠳᠤ ᠰᠠᠭᠠᠲᠠᠵᠤ᠂ ︽ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ | ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠶᠠ︾ ᠰᠡᠳᠦᠪ ᠢᠶᠠᠷ ᠰᠣᠨᠣᠰᠤᠭᠴᠢᠳ ᠲᠤ | ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠶ᠎ᠡ᠃ ᠲᠠ ᠣᠯᠠᠨ ᠳᠤ ᠲᠠᠯᠠᠷᠬᠠᠶ᠎ᠠ᠂ ᠲᠠ ᠣᠯᠠᠨ ᠤ | ᠠᠵᠢᠯ ᠦᠢᠯᠡᠰ ᠲᠡᠭᠡᠨ ᠠᠮᠵᠢᠯᠲᠠ ᠲᠠᠢ ᠶᠠᠪᠤᠬᠤ ᠶᠢ ᠬᠦᠰᠡᠨ ᠢᠷᠦᠭᠡᠶ᠎ᠡ᠂ ᠪᠠᠶᠠᠷᠲᠠᠢ︕ | | | ᠬᠠᠮᠢᠶᠠᠷᠤᠭᠴᠢ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ | ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠵᠦ ᠵᠢᠶᠧ ᠳᠤ ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠣᠯᠴᠠᠭᠰᠠᠨ ᠳᠤ ᠲᠠᠯᠠᠷᠬᠠᠯ᠎ᠠ᠃ | ᠡᠨᠡ ᠤᠳᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠃ | | |