ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠬᠤᠶᠠᠷ ᠬᠤᠷᠠᠯ ᠤᠨ ᠨᠠᠮ ᠤᠨ ᠭᠡᠰᠢᠭᠦᠨ ᠤ ᠲᠥᠯᠥᠭᠡᠯᠡᠭᠴᠢ᠂ ᠨᠠᠮ ᠤᠨ ᠭᠡᠰᠢᠭᠦᠨ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/10
      1 ᠰᠠᠷ᠎ᠠ ᠶᠢᠨ 8 ᠤ  ᠦᠳᠡ ᠶᠢᠨ ᠬᠤᠶᠢᠨ᠎ᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠬᠤᠶᠠᠷ ᠬᠤᠷᠠᠯ ᠤᠨ ᠨᠠᠮ ᠤᠨ ᠭᠡᠰᠢᠭᠦᠨ ᠤ ᠲᠥᠯᠥᠭᠡᠯᠡᠭᠴᠢ᠂ ᠨᠠᠮ ᠤᠨ ᠭᠡᠰᠢᠭᠦᠨ ᠭᠡᠰᠢᠭᠦᠳ ᠤᠨ ᠬᠤᠷᠠᠯ ᠬᠤᠷᠠᠯᠳᠤᠪᠠ᠃ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠦᠷ ᠴᠠᠭ ᠤᠨ ᠨᠠᠮ ᠤᠨ ᠬᠤᠷᠢᠶᠠᠨ ᠤ ᠳᠡᠳ᠋ ᠱᠦᠵᠢ ᠯᠢ ᠢᠦᠢ ᠵᠢᠶᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃            ᠬᠤᠷᠠᠯ ᠠᠴᠠ ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶᠠᠨ ᠤ ᠪᠦᠷᠢᠯᠳᠦᠭᠦᠨ ᠤ ᠨᠡᠷᠡᠰ ᠪᠣᠯᠣᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠦᠷ ᠴᠠᠭ ᠤᠨ ᠨᠠᠮ ᠤᠨ ᠡᠭᠦᠷ ᠤᠨ ᠪᠦᠷᠢᠯᠳᠦᠭᠦᠨ ᠤ ᠨᠡᠷᠡᠰ ᠢ ᠨᠡᠶᠢᠲᠡᠯᠡᠪᠡ᠃          ᠬᠤᠷᠠᠯ ᠠᠴᠠ ᠵᠢᠭᠠᠵᠤ ᠭᠠᠷᠭᠠᠭᠰᠠᠨ ᠨᠢ᠂ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠪᠣᠯ ᠪᠥᠬᠦ ᠲᠣᠭᠤᠷᠢᠭ ᠤᠨ ᠳᠡᠭᠡᠳᠦ ᠳᠣᠣᠷᠠᠳᠤ ᠱᠠᠲᠤᠨ ᠳᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ᠂ ᠮᠦᠨᠴᠦ ᠰᠠᠶᠢᠬᠠᠨ ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ  ᠶᠡᠭᠡ ᠶᠠᠪᠤᠳᠠᠯ ᠮᠥᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ ᠣᠯᠠᠨ ᠲᠦᠮᠡᠨ ᠤ ᠬᠦᠰᠡᠯ ᠡᠷᠡᠮᠡᠯᠵᠡᠯ ᠬᠠᠯᠠᠭᠤᠨ ᠪᠠᠶᠢᠨ᠎ᠠ᠃ ᠡᠯ᠎ᠡ ᠨᠠᠮ ᠤᠨ ᠭᠡᠰᠢᠭᠦᠨ ᠲᠥᠯᠥᠭᠡᠯᠡᠭᠴᠢ᠂ ᠭᠡᠰᠢᠭᠦᠳ ︽ᠤᠯᠤᠰ ᠲᠦᠷᠦ ᠶᠢ ᠡᠷᠬᠢᠮᠯᠡᠬᠦ︾ ᠶᠢ ᠡᠷᠡᠰ ᠭᠤᠶᠢᠪᠢᠰᠢ ᠦᠭᠡᠢ ᠬᠦᠷᠢᠶᠡᠯᠡᠵᠦ᠂ ᠪᠦᠬᠦ ᠲᠥᠯᠥᠭᠡᠯᠡᠭᠴᠢᠳ ᠪᠣᠯᠣᠨ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠤᠯᠤᠰ ᠲᠦᠷᠦ ᠶᠢᠨ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠦᠵᠡᠯ ᠰᠠᠨᠠᠭᠠᠨ ᠤ ᠤᠳᠤᠷᠢᠳᠤᠯᠭ᠎ᠠ ᠶᠢ ᠬᠤᠶᠠᠷ ᠬᠤᠷᠠᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠲᠥᠯᠥᠭᠡᠯᠡᠭᠴᠢᠳ ᠪᠣᠯᠣᠨ ᠭᠡᠰᠢᠭᠦᠳ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠤᠴᠢᠷ ᠶᠠᠪᠤᠳᠠᠯ ᠢ ᠦᠵᠡᠵᠦ᠂ ᠠᠰᠠᠭᠤᠳᠠᠯ ᠢ ᠪᠣᠳᠣᠯᠬᠢᠯᠠᠵᠤ᠂ ᠰᠠᠨᠠᠭᠤᠯᠭ᠎ᠠ ᠳᠤᠷᠠᠳᠴᠤ᠂ ᠬᠤᠶᠠᠷ ᠬᠤᠷᠠᠯ ᠤᠨ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠢ ᠶᠠᠪᠤᠭᠳᠠᠬᠤ᠂ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠶᠡᠭᠡ ᠲᠠᠯ᠎ᠠ ᠶᠢ ᠬᠠᠷᠠᠭᠠᠯᠵᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠳᠡᠭᠡᠷ᠎ᠡ ᠲᠣᠭᠲᠠᠭᠠᠭᠰᠠᠨ ᠬᠠᠷᠠᠯᠲᠠ ᠡᠭᠦᠷᠭᠡ ᠶᠢ ᠣᠨᠣᠪᠴᠢᠲᠠᠢ ᠡᠵᠡᠮᠳᠡᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠡᠭᠦᠷᠭᠡ ᠳᠡᠭᠡᠷ᠎ᠡ ᠨᠢᠭᠡᠳᠬᠡᠵᠦ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠣᠳᠣᠬᠢᠴᠢᠯᠠᠭᠰᠠᠨ ᠣᠷᠣᠨ ᠤ ᠲᠥᠪ ᠭᠤᠣᠯ ᠬᠤᠳᠠ ᠶᠢ ᠪᠦᠲᠦᠭᠡᠨ ᠪᠠᠶᠢᠭᠤᠯᠬᠤ ᠳᠡᠭᠡᠷ᠎ᠡ ᠨᠢᠭᠲᠠᠷᠠᠭᠤᠯᠬᠤ ᠬᠡᠷᠡᠭᠲᠡᠢ᠃         ᠬᠤᠷᠠᠯ ᠠᠴᠠ᠂ ᠡᠯ᠎ᠡ ᠨᠠᠮ ᠤᠨ ᠭᠡᠰᠢᠭᠦᠨ ᠲᠥᠯᠥᠭᠡᠯᠡᠭᠴᠢ᠂ ᠭᠡᠰᠢᠭᠦᠳ ᠡᠷᠡᠰ ᠭᠤᠶᠢᠪᠢᠰᠢ ᠦᠭᠡᠢ ᠪᠠᠷ︽ᠳᠠᠭᠠᠭᠤᠯᠤᠭᠴᠢ︾ ᠪᠠᠶᠢᠵᠤ᠂ ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢ ᠲᠥᠪᠯᠡᠷᠡᠭᠦᠯᠵᠦ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰ ᠭᠠᠵᠠᠷ ᠣᠷᠣᠨ ᠲᠤᠰ ᠰᠢᠰᠲ᠋ᠧᠮ ᠲᠤᠰ ᠠᠵᠢᠯ ᠲᠦᠷᠦᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠭᠰᠡᠨ ᠵᠡᠷᠭᠡ ᠬᠤᠷᠠᠯ ᠤᠨ ᠪᠢᠴᠢᠭ ᠮᠠᠲ᠋ᠧᠷᠢᠶᠠᠯ ᠲᠠᠢ ᠨᠢᠭᠲᠠ ᠤᠶᠠᠯᠳᠤᠭᠤᠯᠵᠤ᠂ ᠦᠨᠡᠨ ᠠᠴᠠ ᠵᠥᠪ ᠢ ᠡᠷᠢᠵᠦ ᠰᠠᠨᠠᠯ ᠢᠶᠠᠨ ᠢᠯᠡᠳᠬᠡᠵᠦ᠂ ᠬᠢᠨᠠᠨ ᠵᠥᠪᠯᠡᠵᠦ ᠪᠠᠲᠤᠯᠠᠭᠰᠠᠨ ᠡᠯ᠎ᠡ ᠵᠦᠢᠯ ᠤᠨ ᠮᠡᠳᠡᠭᠦᠯᠦᠯᠲᠡ ᠶᠢᠨ ᠬᠠᠷᠠᠯᠲᠠ ᠶᠢ ᠨᠡᠩ ᠲᠣᠳᠣᠷᠬᠠᠶᠢᠯᠠᠵᠤ᠂ ᠰᠡᠳᠬᠢᠴᠡ ᠶᠢ ᠨᠡᠩ ᠲᠡᠭᠦᠯᠳᠡᠷᠵᠢᠭᠦᠯᠵᠦ᠂ ᠪᠠᠶᠢᠷᠢᠯᠠᠭᠤᠯᠤᠯᠲᠠ ᠨᠡᠩ ᠪᠣᠳᠠᠲᠠᠢ ᠶᠢ ᠡᠷᠬᠢᠮᠯᠡᠵᠦ᠂ ᠠᠷᠭ᠎ᠠ ᠬᠡᠮᠵᠢᠶ᠎ᠡ ᠶᠢ ᠨᠡᠩ ᠬᠦᠴᠦᠲᠡᠢ ᠪᠣᠯᠭᠠᠬᠤ ᠬᠡᠷᠡᠭᠲᠡᠢ᠃ ︽ᠰᠠᠬᠢᠯᠭ᠎ᠠ ᠪᠠᠲᠤ ᠶᠢ ᠰᠠᠬᠢᠬᠤ︾ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠰᠠᠶᠢᠨ ᠰᠠᠶᠢᠬᠠᠨ ᠰᠤᠷᠲᠠᠯ ᠢ ᠪᠠᠲᠤᠯᠠᠵᠤ᠂ ᠶᠡᠭᠡ ᠬᠤᠷᠠᠯ ᠤᠨ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠪᠣᠯᠣᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠯᠣᠨ ᠭᠡᠰᠢᠭᠦᠳ ᠴᠠᠭ ᠲᠤᠬᠠᠢ ᠳᠤᠨᠢ ᠬᠤᠷᠠᠯ ᠳᠤ ᠣᠷᠣᠯᠴᠠᠵᠤ᠂ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠶᠡᠭᠡ ᠬᠤᠷᠠᠯ ᠤᠨ ᠤᠷᠢᠳᠴᠢᠯᠠᠨ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃          ᠵᠢᠶᠣᠣ ᠶᠠᠨ ᠬᠤᠩ᠂ ᠵᠢᠶᠣᠣ ᠷᠦᠢ ᠾᠧ᠂ ᠴᠢ ᠫᠦ᠋ ᠵᠡᠷᠭᠡ ᠲᠣᠭᠤᠷᠢᠭ ᠤᠨ ᠤᠳᠤᠷᠢᠳᠤᠯᠭ᠎ᠠ᠂ ᠬᠤᠶᠠᠷ ᠬᠤᠷᠠᠯ ᠳᠤ ᠣᠷᠣᠯᠴᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠲᠥᠯᠥᠭᠡᠯᠡᠭᠴᠢ ᠪᠣᠯᠣᠨ ᠭᠡᠰᠢᠭᠦᠳ ᠬᠤᠷᠠᠯ ᠳᠤ ᠣᠷᠣᠯᠴᠠᠪᠠ᠃     ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号