2024 ᠣᠨ ᠤ ᠡᠴᠦᠰ ᠪᠤᠯᠲᠠᠯ᠎ᠠ  ᠬᠥᠬᠡᠬᠤᠲᠠ ᠶᠢᠨ ᠡᠵᠡᠩᠨᠡᠯᠲᠡ ᠶᠢᠨ ᠭᠤᠣᠯ ᠴᠣᠭᠴᠠ 426993 ᠡᠷᠦᠬᠡ ᠳᠤ ᠬᠥᠷᠪᠡ
ᠨᠡᠶᠢᠲᠡᠯᠡᠭᠰᠡᠨ ᠴᠠᠭ᠄
2025/1/10
        ︵ᠰᠤᠷᠪᠤᠯᠵᠢᠯᠠᠭᠴᠢ ᠴᠢ ᠰᠢᠶᠣᠣ ᠶᠠᠨ︶  2024 ᠣᠨ ᠠᠴᠠ ᠨᠠᠭᠠᠰᠢ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠪᠦᠷᠢᠳᠬᠡᠨ ᠳᠠᠩᠰᠠᠯᠠᠬᠤ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠪᠠᠷ ᠭᠤᠣᠯ ᠰᠢᠵᠢᠮ ᠪᠣᠯᠭᠠᠵᠤ᠂ ᠪᠦᠷᠢᠳᠬᠡᠨ ᠳᠠᠩᠰᠠᠯᠠᠬᠤ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡ ᠶᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠣᠷᠴᠢᠨ ᠨᠥᠬᠦᠴᠡᠯ ᠢ ᠨᠠᠩ ᠠᠭᠤᠵᠢᠮ ᠪᠥᠭᠡᠳ ᠳᠥᠭᠦᠮ ᠳᠥᠲᠡ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 2024 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠡᠵᠡᠩᠨᠡᠯᠲᠡ ᠶᠢᠨ ᠭᠤᠣᠯ ᠴᠣᠭᠴᠠ ︵ᠬᠤᠪᠢᠶᠠᠷᠢ ᠪᠠᠶᠢᠭᠤᠯᠤᠮᠵᠢ ᠶᠢ ᠪᠠᠭᠲᠠᠭᠠᠨ᠎ᠠ︶ 426993 ᠡᠷᠦᠬᠡ ᠳᠤ ᠬᠦᠷᠴᠦ᠂ ᠪᠣᠳᠠᠲᠠᠢ ᠬᠡᠮᠵᠢᠶ᠎ᠡ ᠨᠢ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 8.64% ᠪᠠᠷ ᠨᠡᠮᠡᠭᠳᠡᠪᠡ᠃ ᠡᠭᠦᠨ ᠳᠤ᠂ ᠠᠵᠤ ᠠᠬᠤᠶᠢᠯᠠᠯ 152227᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 270511᠂ ᠲᠠᠷᠢᠶᠠᠴᠢᠨ ᠤ ᠲᠤᠰᠬᠠᠢ ᠬᠤᠷᠰᠢᠶ᠎ᠠ 4255 ᠪᠣᠶ᠃             ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠣᠯ ᠴᠣᠭᠴᠠ ᠠᠴᠠ ᠦᠵᠡᠪᠡᠯ᠂ 2024 ᠣᠨ ᠳᠤ ᠪᠥᠬᠦ ᠬᠤᠲᠠ ᠳᠤ 79669 ᠡᠵᠡᠩᠨᠡᠯᠲᠡ ᠶᠢᠨ ᠭᠤᠣᠯ ᠴᠣᠭᠴᠠ ᠶᠢ ᠰᠢᠨ᠎ᠡ ᠪᠠᠷ ᠪᠠᠶᠢᠭᠤᠯᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ 2.58 ᠲᠦᠮᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 5.38 ᠲᠦᠮᠡ᠂ ᠲᠠᠷᠢᠶᠠᠴᠢᠨ ᠤ ᠲᠤᠰᠬᠠᠢ ᠬᠤᠷᠰᠢᠶ᠎ᠠ 76 ᠪᠣᠶ᠃ 2024 ᠣᠨ ᠳᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠳᠠᠩᠰᠠᠯᠠᠯ ᠤᠨ ᠦᠨᠡᠮᠯᠡᠯ ᠢ 6563 ᠬᠤᠪᠢ ᠭᠦᠢᠴᠡᠳᠬᠡᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠠᠵᠢᠯᠯᠠᠭᠴᠢ ᠶᠢᠨ ᠬᠢᠷᠢ ᠬᠡᠮ ᠢ 10034 ᠬᠤᠪᠢ ᠮᠠᠭᠠᠳᠯᠠᠨ ᠲᠣᠭᠲᠠᠭᠠᠪᠠ᠃             ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2024 ᠣᠨ ᠤ 8 ᠳ᠋ᠤᠭᠠᠷ ᠰᠠᠷ᠎ᠠ ᠳᠤ᠂ ᠬᠥᠬᠡᠬᠤᠲᠠ ᠪᠥᠬᠦ ᠣᠷᠣᠨ ᠤ ᠬᠡᠪᠴᠢᠶᠡᠨ ᠳᠤ              ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ︿ᠨᠢᠭᠡ ᠠᠵᠢᠯ ᠲᠥᠷᠥᠯ ᠨᠢᠭᠡ ᠳᠡᠪᠲᠡᠷ﹀ ᠲᠤ ᠮᠡᠳᠡᠭᠳᠡᠬᠦ ᠳᠦᠷᠢᠮ ᠢ ᠬᠡᠷᠡᠭᠵᠢᠭᠦᠯᠬᠦ ᠲᠥᠰᠥᠯ︾ ᠢ ᠤᠷᠢᠳᠠᠪᠠᠷ ᠨᠡᠶᠢᠲᠡᠯᠡᠵᠦ᠂ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠦᠷᠢᠮ ᠳᠤ ᠨᠡᠶᠢᠴᠡᠭᠰᠡᠨ ᠡᠵᠡᠩᠨᠡᠯᠲᠡ ᠶᠢᠨ ᠵᠢᠭᠠᠯᠲᠠ ︵ᠨᠢᠭᠡᠳᠦᠭᠡᠷ ᠬᠡᠪᠯᠡᠯ︶︾ ᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠡᠩᠰᠡᠯᠡᠨ ᠲᠡᠮᠳᠡᠭᠯᠡᠬᠦ᠂ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠢᠲᠡᠭᠡᠮᠵᠢ᠂ ᠵᠠᠷ ᠮᠡᠳᠡᠭᠡ᠂ ᠦᠨ᠎ᠡ ᠬᠠᠩᠰᠢ᠂ ᠡᠮ ᠤᠨ ᠵᠦᠢᠯ᠂ ᠵᠠᠰᠠᠯ ᠴᠢᠮᠡᠭᠯᠡᠯ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ᠂ ᠰᠦᠯᠵᠢᠶᠡᠨ ᠤ ᠠᠷᠠᠯᠵᠢᠶ᠎ᠠ᠂ ᠦᠢᠯᠡᠳᠬᠦᠨ ᠤ ᠶᠠᠰᠤ ᠴᠢᠨᠠᠷ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠬᠡᠮᠵᠢᠯᠲᠡ ᠭᠡᠷᠡᠴᠢᠯᠡᠯ᠂ ᠢᠳᠡᠭᠡᠨ ᠤ ᠦᠢᠯᠡᠳᠪᠦᠷᠢᠯᠡᠯ᠂ ᠢᠳᠡᠭᠡᠨ ᠤ ᠡᠵᠡᠩᠨᠡᠯᠲᠡ᠂ ᠢᠳᠡᠭᠡᠨ ᠤᠮᠳᠠᠭᠠᠨ ᠤ  ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ 17 ᠶᠡᠭᠡ ᠲᠥᠷᠥᠯ ᠤᠨ ᠨᠡᠶᠢᠲᠡ 100 ᠵᠦᠢᠯᠡᠰ ᠢ ᠬᠠᠮᠤᠷᠴᠤ᠂ ᠠᠵᠤ ᠠᠬᠤᠶᠢᠯᠠᠯ ᠢ ᠬᠠᠪᠰᠤᠷᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠲᠦᠭᠰᠢᠭᠦᠷᠢ ᠴᠡᠭ ᠢ ᠤᠷᠢᠳᠴᠢᠯᠠᠨ ᠣᠨᠣᠪᠴᠢᠲᠠᠶ  ᠣᠯᠵᠤ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ᠂ ᠬᠠᠤᠯᠢ ᠶᠣᠰᠣᠭᠠᠷ ᠡᠵᠡᠩᠨᠡᠬᠦ ᠶᠢ ᠬᠥᠲᠥᠯᠥᠨ ᠵᠢᠯᠣᠭᠤᠳᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号