| | | | ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠬᠥᠬᠡᠬᠤᠲᠠ ᠶᠢᠨ ᠰᠢᠤᠳᠠᠨ ᠤ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠰᠢᠤᠳᠠᠨ ᠤ | ᠶᠠᠪᠤᠳᠠᠯ ᠤᠨ ᠲᠦᠷᠭᠡᠨ ᠬᠦᠷᠭᠡᠬᠦ ᠠᠵᠢᠯ ᠲᠥᠷᠥᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠢᠯᠡᠬᠡᠨ ᠬᠦᠷᠭᠡᠬᠦ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | | | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠤᠳᠠᠨ ᠤ ᠲᠦᠷᠭᠡᠨ ᠬᠦᠷᠭᠡᠬᠦ | ᠦᠢᠯᠡᠰ ᠤᠨ ᠠᠵᠢᠯ ᠲᠥᠷᠥᠯ ᠤᠨ ᠠᠵᠢᠯᠯᠠᠭᠠᠨ ᠤ ᠬᠢᠨᠠᠨ ᠬᠡᠮᠵᠢᠯᠲᠡ ᠪᠠ ᠵᠢᠯᠣᠭᠤᠳᠤᠨ ᠲᠣᠬᠢᠷᠠᠭᠤᠯᠤᠯᠲᠠ ᠶᠢ | ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠡᠭᠡᠨ ᠬᠦᠷᠭᠡᠬᠦ ᠦᠢᠯᠡᠴᠢᠯᠡᠭᠡᠨ ᠤ ᠪᠠᠲᠤᠯᠠᠭ᠎ᠠ ᠶᠢᠨ | ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠢᠯᠡᠭᠡᠨ ᠬᠦᠷᠭᠡᠬᠦ ᠦᠢᠯᠡᠴᠢᠯᠡᠭᠡ ᠪᠠ ᠠᠶᠤᠯᠭᠦᠢ ᠦᠢᠯᠡᠳᠪᠦᠷᠢᠯᠡᠯ ᠤᠨ | ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠵᠢᠯ ᠲᠥᠷᠥᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠥᠮᠥᠨ ᠤ ᠬᠦᠴᠦᠨ᠂ ᠪᠣᠳᠠᠰ ᠤᠨ ᠬᠦᠴᠦᠨ᠂ | ᠲᠡᠭᠡᠭᠡᠪᠦᠷᠢ ᠶᠢᠨ ᠬᠦᠴᠦᠨ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠦᠵᠦᠭᠦᠷ ᠤᠨ ᠦᠢᠯᠡᠴᠢᠯᠡᠭᠡᠨ ᠢ ᠰᠠᠶᠢᠲᠤᠷ | ᠬᠢᠵᠦ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠢᠯᠡᠭᠡᠨ ᠬᠦᠷᠭᠡᠬᠦ ᠦᠢᠯᠡᠴᠢᠯᠡᠭᠡᠨ ᠤ | ᠴᠢᠳᠠᠪᠤᠷᠢ ᠶᠢ ᠪᠠᠲᠤᠯᠠᠬᠤ ᠬᠡᠷᠡᠭᠲᠡᠢ᠃ ᠢᠯᠡᠭᠡᠨ ᠬᠦᠷᠭᠡᠬᠦ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ᠂ | ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠢ ᠰᠡᠷᠭᠡᠶᠢᠯᠡᠬᠦ ᠵᠡᠷᠭᠡ ᠠᠵᠢᠯ ᠢ ᠴᠢᠩᠭᠠᠳᠬᠠᠵᠤ᠂ ᠵᠥᠷᠢᠴᠡᠯ | ᠵᠢᠭᠤᠷᠠᠯᠳᠤᠭᠠᠨ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠵᠢᠯ ᠲᠥᠷᠥᠯ ᠤᠨ ᠵᠠᠭᠠᠯᠳᠤᠯᠭ᠎ᠠ ᠶᠢ | ᠰᠢᠢᠳᠪᠦᠷᠢᠯᠡᠬᠦ ᠵᠡᠷᠭᠡ ᠠᠵᠢᠯ ᠢ ᠴᠢᠩᠭᠠᠳᠬᠠᠵᠤ᠂ ᠲᠦᠷᠭᠡᠨ ᠬᠦᠷᠭᠡᠭᠴᠢ ᠶᠢ ᠤᠯᠠᠮ ᠨᠢᠭᠡ ᠠᠯᠬᠤᠮ ᠬᠠᠯᠠᠮᠵᠢᠯᠠᠨ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠣᠷᠣᠨ | ᠪᠦᠰᠡ ᠶᠢᠨ ᠶᠡᠷᠦᠩᠬᠡᠢ ᠬᠡᠯᠲᠡᠰ ᠤᠨ ᠨᠢᠭᠡᠳᠦᠯᠲᠡᠢ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠬᠠᠮᠢᠶᠠᠷᠤᠯᠲᠠ | ᠡᠵᠡᠮᠳᠡᠯ ᠢ ᠴᠢᠩᠭᠠᠳᠬᠠᠵᠤ᠂ ᠬᠤᠯᠪᠣᠭᠠᠯᠠᠯ ᠤᠨ ᠲᠣᠣᠷ ᠴᠡᠭ ︵ᠠᠵᠤ ᠠᠬᠤᠶᠢᠯᠠᠯ︶ ᠪᠣᠯᠣᠨ ᠰᠠᠯᠪᠤᠷᠢ | ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠥᠭᠡᠭᠡᠪᠦᠷᠢ ᠶᠢᠨ ᠢᠯᠡᠬᠡᠨ ᠬᠦᠷᠭᠡᠬᠦ ᠦᠢᠯᠡᠴᠢᠯᠡᠭᠡᠨ ᠤ ᠠᠮᠤᠷ ᠲᠦᠪᠰᠢᠨ | ᠪᠥᠭᠡᠳ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃ |