ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2025/1/13
      1 ᠰᠠᠷ᠎ᠠ ᠶᠢᠨ 9 ᠤ ᠦᠳᠡ ᠶᠢᠨ ᠡᠮᠦᠨ᠎ᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃ ᠪᠦᠬᠦ ᠲᠣᠭᠤᠷᠢᠭ ᠤᠨ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠴᠤᠭᠯᠠᠷᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠡᠳᠬᠢᠯ ᠨᠢᠭᠡᠳᠦᠨ ᠬᠥᠭᠵᠢᠯᠲᠡ ᠶᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠪᠡ᠃
图片1.png
      ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ              ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 242 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 236 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃             ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠵᠢᠩᠬᠢᠨᠢ ᠪᠠᠷ ᠡᠬᠢᠯᠡᠪᠡ᠃ ᠬᠤᠷᠠᠯ ᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶᠣᠣ ᠶᠠᠨ ᠬᠤᠩ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠢᠦᠢ ᠵᠢᠶᠣᠣ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ᠂ 2024 ᠣᠨ ᠤ ᠠᠵᠢᠯ ᠤᠨ ᠡᠷᠭᠢᠴᠡᠭᠦᠯᠦᠯ ᠪᠠ 2025 ᠣᠨ ᠤ ᠠᠵᠢᠯ ᠤᠨ ᠲᠣᠬᠢᠷᠠᠭᠤᠯᠤᠯᠲᠠ ᠭᠡᠬᠦ ᠬᠤᠶᠠᠷ ᠬᠡᠰᠡᠭ ᠬᠤᠪᠢᠶᠠᠪᠠ᠃
图片2.png
      ᠲᠣᠭᠤᠷᠢᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠢᠦᠢ ᠵᠢᠶᠣᠣ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ                 ᠢᠯᠡᠳᠬᠡᠯ ᠳᠤ᠂ 2024 ᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠪᠣᠭᠤᠮᠲᠠ ᠰᠢᠪᠲᠤᠯᠬᠤ ᠵᠢᠯ ᠪᠣᠯᠣᠨ᠎ᠠ᠃ ᠪᠦᠬᠦ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠵᠤ᠂ ︽ᠣᠷᠣᠨ ᠤ ᠳᠣᠲᠣᠷ᠎ᠠ ᠲᠠᠬᠢᠨ ᠳᠠᠪᠰᠢᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠢ ᠲᠡᠮᠡᠴᠡᠬᠦ︾ ᠶᠢ ᠲᠣᠭᠲᠠᠭᠠᠵᠤ᠂ ︽ᠲᠦᠷᠪᠡᠨ ᠮᠢᠩᠭᠠᠨ ᠳ᠋ᠦᠩᠰᠢᠭᠤᠷ᠂ ᠲᠠᠪᠤᠨ ᠨᠢᠭᠡᠳᠦᠭᠡᠷ︾ ᠤᠨ ᠣᠳᠣᠬᠢᠴᠢᠯᠠᠭᠰᠠᠨ ᠲᠥᠪ ᠭᠤᠣᠯ ᠬᠤᠳᠠ ᠶᠢᠨ ᠲᠣᠭᠤᠷᠢᠭ ᠢ ᠪᠠᠶᠢᠭᠤᠯᠵᠤ᠂ ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ᠂ ᠠᠰᠠᠭᠤᠳᠠᠯ ᠢ ᠰᠢᠢᠳᠪᠦᠷᠢᠯᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠪᠥᠭᠡᠳ ᠬᠦᠴᠦᠷᠬᠡᠭ ᠶᠡᠭᠡ ᠬᠥᠭᠵᠢᠯᠲᠡ ᠶᠢᠨ ᠦᠷ᠎ᠡ ᠪᠦᠲᠦᠮᠵᠢ ᠣᠯᠪᠠ᠃          ᠢᠯᠡᠳᠬᠡᠯ ᠳᠤ ︽ᠠᠵᠤ ᠠᠬᠤᠢ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠥᠷᠭᠡᠳᠬᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠦᠷ᠎ᠡ ᠪᠦᠲᠦᠮᠵᠢ ᠢᠯᠡᠷᠬᠡᠢ᠂ ᠲᠠᠷᠢᠶᠠᠯᠠᠩ ᠤᠨ ᠰᠠᠭᠤᠷᠢ ᠨᠡᠩ ᠯᠠᠪᠳᠠᠭᠤᠨ ᠪᠠᠲᠤᠲᠠᠢ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠰ ᠳᠡᠪᠰᠢᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ︾ ᠵᠡᠷᠭᠡ ᠲᠤᠯᠤᠭᠠᠨ ᠲᠠᠯ᠎ᠠ ᠠᠴᠠ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠭᠤᠣᠯ ᠠᠵᠢᠯ ᠢ ᠡᠷᠭᠢᠴᠡᠭᠦᠯᠦᠨ ᠳ᠋ᠦᠩᠨᠡᠪᠡ᠃          ᠢᠯᠡᠳᠬᠡᠯ ᠳᠤ᠂ 2025 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠢᠭᠡ ᠭᠤᠣᠯ ᠰᠢᠵᠢᠮ ᠢ ᠲᠤᠤᠱᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ᠂ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠷᠣᠨ ᠤ ᠳᠣᠲᠣᠷ᠎ᠠ ᠳᠠᠬᠢᠨ ᠣᠷᠣᠨ ᠳᠠᠪᠰᠢᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠪᠣᠯᠬᠤ ᠪᠠᠷ ᠴᠢᠷᠮᠠᠶᠢᠬᠤ︾᠂ ︽ᠳᠥᠷᠪᠡᠨ ᠮᠢᠩᠭᠠᠨ ᠳ᠋ᠦᠩᠰᠢᠭᠤᠷ᠂ ᠲᠠᠪᠤᠨ ᠨᠢᠭᠡᠳᠦᠭᠡᠷ︾ ᠤᠨ ᠣᠳᠣᠬᠢᠴᠢᠯᠠᠭᠰᠠᠨ ᠲᠥᠪ ᠭᠤᠣᠯ ᠬᠤᠲᠠ ᠶᠢᠨ ᠲᠣᠭᠤᠷᠢᠭ ᠤᠨ ᠬᠠᠷᠠᠯᠲᠠ ᠶᠢ ᠪᠣᠶ ᠪᠣᠯᠭᠠᠵᠤ᠂ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠥᠭᠡᠷᠡᠴᠢᠯᠡᠯᠲᠡ᠂ ᠰᠢᠨ᠎ᠡ ᠶᠢ ᠡᠭᠦᠳᠬᠦ ᠵᠠᠭᠪᠤᠷ᠂ ᠴᠢᠳᠠᠪᠤᠷᠢᠲᠠᠨ ᠤ ᠡᠩᠨᠡᠭᠡ ᠳᠥᠷᠪᠡᠨ ᠵᠠᠩᠭᠢᠯᠠᠭ᠎ᠠ ᠶᠢ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠨᠠᠢᠮᠠᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠠᠵᠤ ᠠᠬᠤᠢ᠂ ᠰᠣᠶᠣᠯ᠂ ᠵᠠᠰᠠᠯᠲᠠ᠂ ᠠᠮᠢ ᠠᠬᠤᠢ᠂ ᠬᠥᠮᠥᠨ ᠠᠮᠠ ᠵᠡᠷᠭᠡ ᠲᠠᠪᠤᠨ ᠴᠢᠳᠠᠪᠤᠷᠢ ᠶᠢᠨ ᠳᠡᠰ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠪᠥᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠠᠬᠢᠨ ᠰᠢᠨ᠎ᠡ ᠳᠡᠭᠲᠡᠷ ᠲᠤ ᠭᠠᠷᠭᠠᠨ᠎ᠠ᠃        ᠮᠡᠳᠡᠭᠦᠯᠦᠯᠲᠡ ᠳᠤ᠂ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ  ᠵᠢᠰᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 8% ᠣᠷᠴᠢᠮ ᠨᠡᠮᠡᠭᠳᠡᠭᠦᠯᠦᠨ᠎ᠡ︔ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦ ᠲᠤᠭ᠎ᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 8% ᠣᠷᠴᠢᠮ ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6% ᠣᠷᠴᠢᠮ ᠨᠡᠮᠡᠭᠳᠡᠭᠦᠯᠦᠨ᠎ᠡ᠃
图片3.png
     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠪᠠ        ᠮᠡᠳᠡᠭᠦᠯᠦᠯᠲᠡ ᠳᠤ᠂ 2025 ᠣᠨ ᠳᠤ ᠳᠣᠣᠷᠠᠬᠢ ᠨᠠᠢᠮᠠᠨ ᠲᠠᠯ᠎ᠠ ᠶᠢᠨ ᠴᠢᠷᠮᠠᠶᠢᠯᠭ᠎ᠠ ᠪᠠᠷ᠄ ᠨᠢᠭᠡ ᠳᠤ᠂ ︽ᠲᠦᠷᠦᠯ ᠵᠦᠢᠯ ᠢ ᠨᠠᠶᠢᠳᠠᠪᠤᠷᠢᠵᠢᠭᠤᠯᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ︽ᠲᠦᠷᠦᠯ ᠵᠦᠢᠯ ᠢ ᠨᠠᠶᠢᠳᠠᠪᠤᠷᠢᠵᠢᠭᠤᠯᠤᠨ ᠪᠣᠭᠤᠮᠲᠠ ᠰᠢᠪᠲᠤᠯᠬᠤ︾ ᠶᠢ ᠡᠨᠡ ᠵᠢᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠵᠤ᠂ ᠲᠦᠷᠦᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠶᠢ ᠪᠣᠳᠠᠲᠠᠢ ᠠᠳᠬᠤᠵᠤ᠂ ᠴᠢᠬᠤᠯᠠ ᠶᠡᠭᠡ ᠲᠦᠷᠦᠯ ᠵᠦᠢᠯ ᠤᠨ ᠲᠤᠯᠭᠠᠭᠤᠷᠢᠯᠠᠯ ᠢ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠴᠠᠭᠠᠰᠤᠨ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ︽ᠠᠵᠤ ᠦᠢᠯᠡᠳᠪᠦᠷᠢ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠦᠬᠦ ᠬᠤᠳᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠲᠠᠢ ᠢᠳᠡᠪᠬᠢᠲᠡᠢ ᠠᠭᠤᠰᠤᠯᠴᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠦᠷᠪᠡᠨ ︽ᠠᠭᠤᠰᠤᠯᠴᠠᠨ ᠬᠠᠮᠲᠤᠷᠠᠯᠴᠠᠬᠤ︾ ᠪᠠ ᠭᠤᠷᠪᠠᠨ ︽ᠨᠢᠭᠡ ᠴᠣᠭᠴᠠᠵᠢᠭᠤᠯᠬᠤ︾ ᠶᠢ ᠪᠡᠶᠡᠯᠡᠭᠦᠯᠵᠦ᠂ ᠰᠢᠨ᠎ᠡ ᠶᠢ ᠡᠭᠦᠳᠬᠦ ᠵᠠᠭᠪᠤᠷ ᠢᠶᠠᠷ ︽ᠨᠢᠭᠡ ᠲᠣᠭᠤᠷᠢᠭ ᠭᠤᠷᠪᠠᠨ ᠬᠦᠷᠢᠶᠡᠯᠡᠩ︾ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠭᠤᠷᠪᠠ ᠳᠤ᠂ ︽ᠠᠵᠤ ᠦᠢᠯᠡᠰ ᠢᠶᠠᠷ ᠲᠠᠷᠢᠶᠠᠯᠠᠩ ᠢ ᠮᠠᠨᠳᠤᠭᠤᠯᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂︽12351︾ ᠲᠠᠷᠢᠶᠠᠯᠠᠩ ᠤᠨ ᠬᠥᠭᠵᠢᠯᠲᠡ ᠶᠢᠨ ᠰᠡᠳᠬᠢᠴᠡ ᠪᠠᠷ᠂ ︽ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠭᠤᠰᠤᠯᠴᠠᠭᠤᠯᠬᠤ︾ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠠᠵᠤ ᠦᠢᠯᠡᠳᠪᠦᠷᠢᠵᠢᠯᠲᠡ᠂ ᠵᠠᠬ᠎ᠠ ᠳᠡᠯᠭᠡᠭᠦᠷᠴᠢᠯᠡᠬᠦ ᠰᠡᠳᠬᠢᠬᠦᠢ ᠪᠠᠷ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠳᠥᠷᠪᠡ ᠳᠤ ︽ᠰᠣᠶᠣᠯ ᠵᠢᠭᠤᠯᠴᠢᠯᠠᠯ ᠬᠤᠳᠠᠯᠳᠤᠭ᠎ᠠ ᠴᠣᠭᠴᠠ ᠠᠭᠤᠰᠤᠯᠴᠠᠨ ᠬᠥᠭᠵᠢᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠮᠠᠨ ᠤ ᠲᠣᠭᠤᠷᠢᠭ ᠤᠨ ᠰᠣᠶᠣᠯ ᠵᠢᠭᠤᠯᠴᠢᠯᠠᠯ  ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠬᠦ ᠶᠢᠨ ᠲᠣᠭᠤᠷᠢᠨ ᠳᠤ᠂ ᠦᠢᠯᠡᠴᠢᠯᠡᠭᠡᠨ ᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠠᠷᠭ᠎ᠠ ᠵᠠᠮ ᠡᠷᠢᠵᠦ᠂ ᠰᠢᠪᠲᠤᠯᠤᠯᠲᠠ ᠭᠠᠷᠭᠠᠵᠤ᠂ ᠰᠣᠶᠣᠯ ᠵᠢᠭᠤᠯᠴᠢᠯᠠᠯ  ᠤᠨ ᠡᠨᠧᠷᠭᠢ ᠣᠯᠭᠤᠬᠤ ᠳᠡᠭᠡᠷ᠎ᠡ ᠬᠦᠴᠦ ᠲᠠᠯᠪᠢᠵᠤ᠂ ᠭᠤᠣᠯᠳᠠᠯᠭ᠎ᠠ ᠶᠢ ᠠᠳᠬᠤᠨ᠂ ᠰᠣᠶᠣᠯ ᠵᠢᠭᠤᠯᠴᠢᠯᠠᠯ  ᠤᠨ ᠣᠨᠴᠠᠯᠢᠭᠲᠤ ᠨᠠᠷᠠᠲᠤ ᠲᠡᠮᠳᠡᠭ ᠢ ᠡᠭᠦᠳᠴᠦ᠂ ᠨᠡᠶᠢᠭᠡᠮ ᠤᠨ ᠬᠡᠷᠡᠭᠯᠡᠭᠡᠨ ᠤ ᠦᠭᠡᠢ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠶᠢ ᠠᠬᠢᠭᠤᠯᠪᠠ᠃ ᠲᠠᠪᠤ ᠳᠤ᠂ ︽ᠰᠡᠳᠬᠢᠯ ᠢ ᠳᠤᠯᠠᠭᠠᠴᠠᠭᠤᠯᠵᠤ ᠠᠷᠠᠳ ᠲᠤ ᠠᠰᠢᠭ ᠬᠦᠷᠲᠡᠭᠡᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠤᠳᠠ ᠶᠢᠨ ᠢᠵᠢ ᠪᠦᠷᠢᠳᠦᠭᠰᠡᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠵᠦ᠂ ᠡᠮ ᠡᠮᠨᠡᠯᠭᠡ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠭᠤᠷᠪᠠᠨ ᠵᠢᠯ ᠤᠨ ᠠᠷᠪᠠᠨ ᠲᠠᠪᠤᠨ ᠲᠦᠮᠡᠨ ᠵᠠᠯᠠᠭᠤᠴᠤᠳ ᠬᠥᠬᠡᠬᠤᠲᠠ ᠳᠤ ᠦᠯᠡᠳᠡᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠴᠦᠰ ᠤᠨ ᠵᠣᠷᠢᠯᠭ᠎ᠠ ᠪᠣᠯᠭᠠᠨ᠎ᠠ᠃ ᠵᠢᠷᠭᠤᠭ᠎ᠠ ᠳᠤ ︽ᠠᠮᠢ ᠠᠬᠤᠢ ᠶᠢ ᠵᠠᠰᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠶᠡᠭᠡ ᠠᠮᠢ ᠠᠬᠤᠢ ᠶᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠤᠰᠤ ᠠᠷᠪᠢᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠣᠬᠢᠷᠲᠤᠯ ᠢ ᠰᠡᠷᠭᠡᠶᠢᠯᠡᠨ ᠵᠠᠰᠠᠬᠤ ᠠᠴᠠ ︽ᠶᠡᠭᠡ ᠠᠮᠢ ᠠᠬᠤᠢ︾ ᠶᠢᠨ ᠪᠠᠶᠢᠷᠢᠰᠢᠯ ᠲᠡᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠳᠣᠯᠤᠭ᠎ᠠ ᠳᠤ ︽ᠭᠠᠳᠠᠭᠠᠳᠤ ᠨᠡᠭᠡᠭᠡᠯᠲᠡ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠢ ᠲᠦᠷᠭᠡᠳᠬᠡᠨ ᠪᠠᠶᠢᠭᠤᠯᠵᠤ᠂ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠬᠦᠢᠰᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠣᠯᠠᠨ ᠤᠯᠤᠰ ᠤᠨ ᠨᠡᠪᠲᠡᠷᠡᠬᠦ ᠵᠠᠮ ᠵᠡᠷᠭᠡ ᠨᠡᠭᠡᠭᠡᠯᠲᠡ ᠶᠢᠨ ᠲᠠᠪᠴᠠᠩ ᠤᠨ ᠳᠠᠪᠠᠭᠤᠯᠢᠭ ᠲᠤ ᠲᠦᠰᠢᠭᠯᠡᠨ᠂ ︽ᠭᠤᠷᠪᠠᠨ ᠲᠣᠭᠤᠷᠢᠭ ᠵᠢᠷᠭᠤᠭᠠᠨ ᠪᠦᠯᠬᠦᠮ︾ ᠤᠨ ᠲᠤᠯᠭᠠᠭᠤᠷᠢᠯᠠᠬᠤ ᠰᠢᠰᠲ᠋ᠧᠮ ᠢ ᠲᠦᠷᠭᠡᠳᠬᠡᠨ ᠪᠠᠶᠢᠷᠢᠰᠢᠭᠤᠯᠵᠤ᠂ ᠪᠠᠷᠠᠭᠠᠨ ᠤ ᠭᠦᠢᠯᠭᠡᠭᠡᠨ ᠤ ᠬᠦᠢᠰᠦ ᠶᠢᠨ ᠦᠢᠯᠡᠳᠦᠯ ᠴᠢᠳᠠᠪᠤᠷᠢ ᠶᠢ ᠪᠠᠳᠠᠷᠠᠭᠤᠯᠤᠨ᠎ᠠ᠃ ᠨᠠᠢᠮᠠ ᠳᠤ᠂ ︽ᠲᠤᠰ ᠪᠡᠶ᠎ᠡ ᠶᠢᠨ ᠪᠠᠶᠢᠭᠤᠯᠤᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠬᠠᠤᠯᠢᠵᠢᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠳᠤᠷᠢᠳᠤᠮᠵᠢ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠲᠥᠪ ᠭᠤᠣᠯᠴᠢ ᠠᠷᠢᠭᠤᠨ ᠴᠢᠬᠡᠴᠢ ᠪᠠᠷ ᠬᠤᠷᠢᠭ᠎ᠠ ᠱᠤᠭᠤᠮ ᠪᠣᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃          ᠶᠡᠭᠡ ᠬᠤᠷᠠᠯ ᠠᠴᠠ ᠪᠠᠰᠠ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠫᠧᠩ ᠤᠨ ᠬᠢᠭᠰᠡᠨ ︽ᠰᠠᠶᠢᠬᠠᠨ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠰᠣᠨᠣᠰᠪᠠ︔ ︽ᠰᠠᠶᠢᠬᠠᠨ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠮᠡᠳᠡᠭᠦᠯᠦᠯᠲᠡ︾ ︽ᠰᠠᠶᠢᠬᠠᠨ ᠲᠣᠭᠤᠷᠢᠭ ᠤᠨ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠥᠪ ︵ᠲᠥᠰᠥᠯ︶ ᠤᠨ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ᠃          ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ ᠢ ᠭᠠᠷᠭᠠᠪᠠᠯ᠂ ᠶᠡᠭᠡ ᠬᠤᠷᠠᠯ ᠳᠤ ᠰᠤᠯᠠ ᠣᠷᠣᠯᠴᠠᠭᠰᠠᠳ ᠲᠤ ᠪᠠᠰᠠ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠭᠰᠠᠳ᠂ ᠰᠠᠶᠢᠬᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠪᠥᠬᠦ ᠭᠡᠰᠢᠭᠦᠳ ᠪᠠ ᠰᠤᠯᠠ ᠣᠷᠣᠯᠴᠠᠭᠰᠠᠳ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号