| | | | 1 ᠰᠠᠷ᠎ᠠ ᠶᠢᠨ 9 ᠤ ᠦᠳᠡ ᠶᠢᠨ ᠬᠤᠶᠢᠨ᠎ᠠ᠂ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ | ᠳᠤᠭᠤᠶᠢᠯᠠᠩ ᠬᠤᠪᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ | ᠮᠡᠳᠡᠭᠦᠯᠦᠯᠲᠡ ᠶᠢ ᠬᠢᠨᠠᠨ ᠵᠥᠪᠯᠡᠵᠦ᠂ ᠲᠥᠯᠥᠪᠯᠡᠭᠡ᠂ ᠲᠥᠰᠥᠪ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ | ᠰᠢᠶᠣᠣ ᠶᠠᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ | ᠵᠡᠷᠭᠡ ᠲᠣᠭᠤᠷᠢᠭ ᠤᠨ ᠤᠳᠤᠷᠢᠳᠤᠯᠭ᠎ᠠ ᠨᠠᠷ ᠲᠥᠯᠥᠭᠡᠯᠡᠭᠴᠢᠳ ᠤᠨ ᠪᠦᠯᠬᠦᠮ ᠳᠡᠭᠡᠨ ᠲᠤᠰ ᠲᠤᠰ ᠬᠢᠨᠠᠨ | ᠵᠥᠪᠯᠡᠬᠦ ᠳᠤ ᠣᠷᠣᠯᠴᠠᠪᠠ᠃ | | | | ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠲᠠᠢ ᠪᠠᠶᠢᠵᠤ᠂ ᠲᠥᠯᠥᠭᠡᠯᠡᠭᠴᠢᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠣᠵᠦ | ᠰᠠᠨᠠᠭᠰᠠᠨ ᠢᠶᠠᠨ ᠶᠠᠷᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ | ᠪᠣᠳᠣᠯᠭ᠎ᠠ ᠳᠡᠪᠰᠢᠭᠦᠯᠵᠦ᠂ ᠬᠥᠭᠵᠢᠯᠲᠡ ᠶᠢᠨ ᠲᠤᠬᠠᠢ ᠶᠠᠷᠢᠯᠴᠠᠪᠠ᠃ ᠲᠥᠯᠥᠭᠡᠯᠡᠭᠴᠢᠳ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠢ 2024 ᠣᠨ ᠤ ᠠᠵᠢᠯ ᠢ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠦᠨᠡᠨ | ᠪᠣᠳᠠᠲᠠᠢ ᠳ᠋ᠦᠩᠨᠡᠵᠦ᠂ 2025 ᠣᠨ ᠤ ᠠᠵᠢᠯ ᠳᠤ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠢᠷᠢ | ᠪᠦᠲᠦᠮᠵᠢ ᠶᠢᠨ ᠬᠠᠭᠤᠳᠠᠰᠤ ᠪᠣᠯᠬᠤ ᠪᠠᠷ ᠪᠠᠷᠠᠬᠤ ᠦᠭᠡᠢ ᠨᠡᠩ ᠴᠤ ᠳᠠᠶᠢᠴᠢᠯᠠᠯᠲᠠ ᠶᠢᠨ ᠵᠠᠷᠯᠢᠭ ᠪᠣᠯᠣᠨ᠎ᠠ᠂ | ᠬᠥᠮᠥᠰ ᠢ ᠶᠡᠬᠡᠳᠡ ᠵᠣᠷᠢᠭᠵᠢᠭᠤᠯᠵᠤ᠂ ᠡᠷᠴᠢ ᠵᠣᠷᠢᠭ ᠢ ᠲᠠᠬᠢᠨ ᠨᠡᠮᠡᠭᠳᠡᠭᠦᠯᠦᠨ᠎ᠡ ᠭᠡᠵᠦ ᠰᠠᠨᠠᠯ ᠨᠢᠭᠡᠲᠡᠢ ᠦᠵᠡᠪᠡ᠃ | | | | | | | | | ᠵᠢᠩ ᠾᠧ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ | | | | | | | | | | ᡂᠢ ᠯᠧ ᠴᠤᠸᠠᠨ ᠵᠠᠮ ᠤᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ | | | | | | | | | | ᠪᠠᠶᠠᠨ ᠵᠡᠭᠡᠯᠢ ᠭᠤᠳᠤᠮᠵᠢ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠲᠥᠯᠥᠭᠡᠯᠡᠭᠴᠢᠳ ᠤᠨ ᠪᠦᠯᠬᠦᠮ | | | | | | | | | | ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ | | | | | | | | | | ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ | | | | | | | | | | ᠬᠤᠸ᠋ᠨ ᠬᠤᠰᠢᠭᠤ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ | | | | | | | | | | ᠤᠯᠠᠭᠠᠨᠴᠠᠪ ᠵᠡᠭᠦᠨ ᠵᠠᠮ ᠤᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ | | | | | | | | | | ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠠᠮ ᠤᠨ ᠵᠡᠭᠡᠯᠢ ᠭᠤᠳᠤᠮᠵᠢ ᠶᠢᠨ | ᠲᠥᠯᠥᠭᠡᠯᠡᠭᠴᠢᠳ ᠤᠨ ᠪᠦᠯᠬᠦᠮ | | | | | | | | | | ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ | | | | | | | | | | ᠢᠦᠢ ᠯᠢᠨ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ | | | | | | | | | | ᠵᠤᠤ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠲᠥᠯᠥᠭᠡᠯᠡᠭᠴᠢᠳ ᠤᠨ ᠪᠦᠯᠬᠦᠮ | | | | | | ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠰᠤᠷᠭᠠᠨ ᠬᠥᠮᠦᠵᠢᠯ ᠢᠶᠠᠷ ᠲᠣᠭᠤᠷᠢᠭ ᠢᠶᠠᠨ ᠬᠦᠴᠦᠷᠭᠡᠭᠵᠢᠭᠦᠯᠵᠦ᠂ ᠡᠮᠴᠢᠯᠡᠭᠡᠨ ᠤ | ᠦᠢᠯᠡᠴᠢᠯᠡᠭᠡ ᠶᠢ ᠰᠠᠶᠢᠵᠢᠷᠠᠭᠤᠯᠤᠨ᠎ᠠ ᠁ ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠥᠪᠡᠷ ᠤᠨ | ᠠᠵᠢᠯ ᠤᠨ ᠪᠠᠶᠢᠷᠢ ᠪᠣᠯᠣᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠶᠠᠷᠢᠯᠴᠠᠭᠠᠨ ᠤ ᠲᠣᠭᠤᠷᠢᠨ ᠳᠤ | ᠢᠳᠡᠪᠬᠢᠲᠡᠢ ᠪᠠᠷ ᠦᠭᠡ ᠶᠠᠷᠢᠶ᠎ᠠ ᠤᠶᠤᠨ ᠤᠬᠠᠭᠠᠨ ᠢᠶᠠᠨ ᠲᠥᠪᠯᠡᠷᠡᠭᠦᠯᠵᠡᠢ᠃ 2025 ᠣᠨ ᠪᠣᠯ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠴᠦᠰ ᠤᠨ ᠵᠢᠯ᠂ ᠮᠥᠨᠴᠦ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠵᠢᠯ ᠪᠣᠯᠣᠨ᠎ᠠ᠂ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠰ | ᠪᠡᠶ᠎ᠡ ᠶᠢᠨ ᠠᠵᠢᠯ ᠤᠨ ᠡᠭᠦᠷᠭᠡ ᠴᠢᠳᠠᠪᠤᠷᠢ ᠲᠠᠢ ᠪᠠᠨ ᠨᠢᠭᠲᠠ ᠤᠶᠠᠯᠳᠤᠭᠤᠯᠤᠨ᠂ ᠬᠡᠬᠦᠳᠡᠭ ᠳᠦᠭᠦᠷᠡᠩ ᠤᠯᠤᠰ | ᠲᠥᠷᠥ ᠶᠢᠨ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠶᠤᠨ ᠰᠠᠨᠠᠭᠠᠨ ᠤ ᠳᠦᠷᠰᠦ | ᠪᠠᠶᠢᠳᠠᠯ ᠢᠶᠠᠷ ᠲᠥᠯᠥᠭᠡᠯᠡᠭᠴᠢᠳ ᠤᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠠᠶᠢᠬᠠᠨ ᠬᠠᠭᠤᠳᠠᠰᠤ ᠶᠢ ᠪᠢᠴᠢᠭᠯᠡᠬᠦ ᠳᠤ | ᠰᠢᠨ᠎ᠡ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |