| | | | ᠴᠢ ᠪᠠᠲᠤ ᠣᠷᠣᠯᠴᠠᠪᠠ | | | 1 ᠰᠠᠷ᠎ᠠ ᠶᠢᠨ 8 ᠤ ᠡᠳᠦᠷ᠂ 2025 ᠣᠨ ᠤ ᠥᠪᠥᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠬᠥᠮᠦᠯᠢᠭ | ᠦᠵᠡᠯ ᠤᠨ ᠨᠡᠶᠢᠲᠡ ᠶᠢᠨ ᠠᠰᠠᠷᠠᠮᠵᠢ ᠶᠢᠨ ᠰᠢᠷᠢᠰ ᠠᠵᠢᠯᠯᠠᠭ᠎ᠠ ᠭᠦᠭᠡᠬᠤᠲᠠ ᠳᠤ ᠡᠬᠢᠯᠡᠪᠡ᠃ | | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠴᠢ ᠪᠠᠲᠤ ᠣᠷᠣᠯᠴᠠᠵᠤ᠂ 2025 ᠣᠨ ᠤ ᠥᠪᠥᠷ ᠮᠣᠩᠭᠤᠯ ᠤᠨ | ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠭᠡ ᠳᠤ ᠬᠦᠷᠭᠡᠬᠦ︾ ᠠᠵᠢᠯᠯᠠᠭ᠎ᠠ ᠡᠬᠢᠯᠡᠭᠰᠡᠨ ᠢ | ᠵᠠᠷᠯᠠᠭᠰᠠᠨ ᠪᠥᠭᠡᠳ ᠬᠠᠨᠳᠢᠪᠯᠡᠨ ᠬᠦᠷᠭᠡᠭᠰᠡᠨ ᠨᠢᠭᠡᠴᠢ ᠳᠤ ᠲᠠᠯᠠᠷᠬᠠᠯ ᠤᠨ ᠪᠢᠴᠢᠭ ᠭᠠᠷᠳᠠᠭᠤᠯᠵᠤ᠂ ᠥᠪᠥᠷ | ᠮᠣᠩᠭᠤᠯ ᠤᠨ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠪᠠ ᠬᠥᠮᠦᠯᠢᠭ ᠦᠵᠡᠯ ᠤᠨ ᠰᠣᠶᠣᠯ ᠤᠨ ᠰᠤᠳᠤᠯᠭᠠᠨ ᠤ | ᠨᠡᠶᠢᠭᠡᠮᠯᠢᠭ ᠤᠨ ᠫᠠᠶᠢᠰᠠ ᠶᠢ ᠰᠡᠬᠦᠪᠡ᠃ | | | ᠣᠶᠢᠯᠠᠭᠠᠭᠰᠠᠨ ᠢᠶᠠᠷ᠂ 2025 ᠣᠨ ᠳᠤ᠂ ᠪᠦᠭᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ | ᠠᠷᠠᠳ ᠤᠨ ᠰᠠᠨᠠᠭᠠᠨ ᠳᠤ ᠨᠡᠶᠢᠴᠡᠭᠰᠡᠨ ᠨᠢᠭᠡ ᠪᠦᠯᠦᠭ ᠬᠥᠮᠦᠯᠢᠭ ᠦᠵᠡᠯ ᠤᠨ ᠵᠦᠢᠯᠡᠰ ᠢ ᠲᠥᠪᠯᠡᠷᠡᠭᠦᠯᠦᠨ | ᠬᠡᠷᠡᠭᠵᠢᠭᠦᠯᠵᠦ᠂ ᠠᠶᠤᠯ ᠠᠴᠠ ᠠᠪᠤᠷᠠᠵᠤ ᠬᠦᠴᠢᠷᠳᠡᠯ ᠢ ᠲᠤᠰᠠᠯᠠᠬᠤ︽ᠰᠡᠳᠬᠢᠯ ᠢ ᠳᠤᠯᠠᠭᠠᠴᠠᠭᠤᠯᠬᠤ ᠬᠥᠭᠦᠷᠭᠡ︾ | ᠶᠢ ᠪᠣᠰᠬᠠᠨ᠂ ᠨᠠᠮ ᠪᠠ ᠵᠠᠰᠠᠭ ᠤᠨ ᠣᠷᠳᠣᠨ ᠵᠢᠴᠢ ᠬᠠᠶᠢᠷ᠎ᠠ ᠬᠠᠯᠠᠮᠵᠢ ᠬᠦᠷᠲᠡᠭᠡᠬᠦ ᠠᠵᠤ ᠠᠬᠤᠶᠢᠯᠠᠯ᠂ ᠬᠠᠶᠢᠷ᠎ᠠ | ᠬᠠᠯᠠᠮᠵᠢ ᠬᠦᠷᠲᠡᠭᠡᠬᠦ ᠬᠥᠮᠥᠰ ᠤᠨ ᠬᠠᠶᠢᠷ᠎ᠠ ᠬᠠᠯᠠᠮᠵᠢ ᠶᠢ ᠴᠠᠭ ᠲᠤᠬᠠᠢ ᠳᠤᠨᠢ ᠬᠠᠮᠤᠭ ᠤᠨ ᠬᠡᠷᠡᠭᠴᠡᠭᠡ ᠲᠠᠢ ᠣᠯᠠᠨ | ᠲᠦᠮᠡᠨ ᠤ ᠳᠡᠷᠭᠡᠳᠡ ᠬᠦᠷᠭᠡᠬᠦ ᠪᠣᠯᠣᠨ᠎ᠠ᠃ | | | |