| | | | 1 ᠰᠠᠷ᠎ᠠ ᠶᠢᠨ 7 ᠤ ᠡᠳᠦᠷ᠂ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ | ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠡᠶᠢᠲᠡᠯᠡᠪᠡ᠃ ᠡᠨᠡ ᠪᠣᠯ ᠮᠠᠨ ᠤ ᠤᠯᠤᠰ ᠠᠩᠬ᠎ᠠ ᠤᠳᠠᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠤᠨ ᠲᠤᠬᠠᠢ ᠰᠠᠨᠠᠯ ᠢ ᠳᠠᠷᠤᠮᠠᠯᠯᠠᠨ ᠲᠠᠷᠬᠠᠭᠠᠵᠤ ᠪᠠᠶᠢᠭ᠎ᠠ ᠶᠠᠪᠤᠳᠠᠯ ᠪᠣᠯᠣᠨ᠎ᠠ᠃ | | | | | ᠲᠤᠰ ᠰᠠᠨᠠᠯ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ᠂ ᠦᠢᠯᠡᠴᠢᠯᠡᠭᠡᠨ ᠤ ᠭᠡᠯᠪᠡᠷᠢ | ᠵᠡᠷᠭᠡ ᠲᠠᠯ᠎ᠠ ᠪᠠᠷ ᠬᠠᠷᠠᠯᠲᠠ ᠪᠠ ᠠᠷᠭ᠎ᠠ ᠵᠠᠮ ᠳᠤᠷᠠᠳᠴᠤ᠂ 3 ᠳ᠋ᠦᠩᠰᠢᠭᠤᠷ ᠰᠢᠬᠠᠮ ᠨᠠᠰᠤᠲᠠᠶᠢᠴᠤᠳ ᠤᠨ | ᠥᠲᠡᠯᠦᠭᠡ ᠨᠠᠰᠤᠨ ᠳᠠᠭᠠᠨ ᠠᠰᠠᠷᠠᠮᠵᠢ ᠲᠠᠢ᠂ ᠵᠣᠯ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠶᠢ ᠨᠠᠩ | ᠰᠠᠶᠢᠲᠤᠷ ᠪᠠᠲᠤᠯᠠᠬᠤ ᠪᠣᠯᠣᠨ᠎ᠠ᠃ ᠡᠨᠡ ᠪᠣᠯ ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶᠢᠳᠠᠯ᠂ ᠤᠯᠤᠰ | ᠣᠷᠣᠨ ᠤ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ᠂ ᠴᠢᠬᠤᠯᠠ ᠶᠠᠪᠤᠳᠠᠯ ᠮᠥᠨ᠃ | | | | | ᠰᠠᠨᠠᠯ ᠤᠨ ︽ᠬᠠᠷᠠᠯᠲᠠ︾ ᠲᠣᠳᠣᠷᠬᠠᠢ - | | | 2029 ᠣᠨ ᠪᠤᠯᠬᠤ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠦᠨᠳᠦᠰᠦᠨ ᠳᠡᠭᠡᠨ | ᠪᠠᠶᠢᠭᠤᠯᠤᠨ᠎ᠠ; 2035 ᠣᠨ ᠪᠤᠯᠬᠤ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠨᠡᠩ | ᠪᠦᠷᠢᠨᠰᠢᠭᠦᠯᠵᠦ᠂ ᠪᠦᠭᠦ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ | ᠡᠳ᠋ᠯᠡᠭᠦᠯᠦᠨ᠎ᠡ᠃ | | | | | ᠰᠠᠨᠠᠯ ᠤᠨ ︽ᠠᠷᠭ᠎ᠠ ᠵᠠᠮ︾ ᠲᠣᠳᠣᠷᠬᠠᠢ - | | | ᠲᠣᠰᠬᠤᠨ (ᠨᠡᠶᠢᠭᠡᠮ ᠲᠣᠭᠤᠷᠢᠭ) ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠦᠷᠲᠡᠭᠡ ᠴᠡᠭ ᠢ ᠲᠡᠭᠦᠯᠳᠡᠷᠵᠢᠭᠦᠯᠬᠦ ᠠᠴᠠ ᠭᠡᠷ ᠲᠡᠭᠡᠨ ᠨᠠᠰᠤᠵᠢᠯ ᠤᠨ ᠠᠰᠠᠷᠠᠮᠵᠢ ᠭᠦᠷᠳᠡᠭᠦ ᠰᠠᠭᠤᠷᠢ ᠦᠢᠯᠡᠳᠦᠯ ᠢ | ᠪᠠᠬᠢᠵᠢᠭᠦᠯᠬᠦ ᠭᠦᠷᠲᠡᠯ᠎ᠡ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ | ᠲᠦᠷᠭᠡᠨ ᠨᠥᠬᠦᠪᠦᠷᠢᠯᠡᠬᠦ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠭᠦᠷᠲᠡᠯ᠎ᠡ ᠁ ᠰᠠᠨᠠᠯ ᠳᠤ ᠠᠷᠪᠠᠨ ᠬᠡᠳᠦᠨ︽ᠦᠨᠡᠨ ᠪᠣᠳᠠᠲᠠᠢ︾ ᠠᠷᠭ᠎ᠠ | ᠬᠡᠮᠵᠢᠶ᠎ᠡ ᠶᠢ ᠳᠤᠷᠠᠳᠴᠤ᠂ ᠪᠠᠷᠠᠯᠠᠯᠳᠤ ᠴᠢᠨᠠᠷ᠂ ᠰᠢᠰᠲ᠋ᠧᠮᠲᠦ ᠴᠢᠨᠠᠷ᠂ ᠶᠡᠷᠦᠩᠬᠡᠢ ᠴᠣᠭᠴᠠᠲᠤ ᠴᠢᠨᠠᠷ ᠢ ᠢᠯᠡᠷᠡᠭᠦᠯᠪᠡ᠃ | | | ᠡᠨᠡᠬᠦ ᠰᠠᠨᠠᠯ ᠢ ᠭᠠᠷᠭᠠᠭᠰᠠᠨ ᠢᠶᠠᠷ᠂ ᠮᠠᠨ ᠤ ᠤᠯᠤᠰ ᠤᠨ ᠪᠠᠶᠢᠳᠠᠯ ᠳᠤ ᠲᠣᠬᠢᠷᠠᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠣᠯᠪᠠᠰᠤᠷᠠᠩᠭᠤᠢ ᠪᠤᠯᠭᠠᠵᠤ ᠬᠡᠪᠰᠢᠭᠦᠯᠬᠦ ᠶᠢ ᠠᠬᠢᠭᠤᠯᠬᠤ ᠳᠤ | ᠲᠣᠳᠣᠷᠬᠠᠢ ︽ᠡᠭᠦᠷᠭᠡ ᠶᠢᠨ ᠪᠢᠴᠢᠭ︾ ︽ᠵᠠᠮ ᠱᠤᠭᠤᠮ ᠤᠨ ᠵᠢᠷᠤᠭ︾ ᠲᠠᠢ ᠪᠣᠯᠤᠭᠰᠠᠨ ᠭᠡᠵᠦ ᠬᠡᠯᠡᠵᠦ ᠪᠣᠯᠣᠨ᠎ᠠ᠃ | ᠰᠠᠨᠠᠯ ᠤᠨ ᠰᠢᠨ᠎ᠡ ᠨᠢ ᠶᠠᠭᠤᠨ ᠳᠡᠭᠡᠷ᠎ᠡ ᠢᠯᠡᠷᠡᠵᠦ ᠪᠠᠶᠢᠬᠤ ᠪᠤᠢ︖ | ᠡᠨᠡᠬᠦ ᠰᠠᠨᠠᠯ ᠳᠤ ᠮᠠᠨ ᠤ ᠤᠯᠤᠰ ᠤᠨ ᠤᠯᠤᠰ ᠤᠨ ᠪᠠᠶᠢᠳᠠᠯ ᠳᠤ ᠲᠣᠬᠢᠷᠠᠬᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠨᠢ ᠶᠠᠭᠤ ᠪᠤᠶ ᠭᠡᠰᠡᠨ ᠢ ᠠᠩᠬ᠎ᠠ ᠤᠳᠠᠭ᠎ᠠ ᠲᠣᠳᠣᠷᠬᠠᠢ ᠬᠠᠷᠢᠭᠤᠯᠵᠠᠢ - | | | ᠱᠠᠲᠤ ᠲᠥᠷᠥᠯ ᠬᠤᠪᠢᠶᠠᠭᠰᠠᠨ᠂ ᠲᠦᠭᠡᠮᠡᠯ ᠬᠦᠷᠲᠡᠭᠡᠯ ᠲᠠᠢ᠂ ᠬᠤᠲᠠ ᠬᠥᠳᠡᠭᠡ ᠶᠢ ᠬᠠᠮᠤᠷᠤᠭᠰᠠᠨ᠂ | ᠦᠷᠭᠦᠯᠵᠢᠯᠡᠨ ᠬᠥᠭᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ᠃ | | | ᠰᠠᠨᠠᠯ ᠳᠤ ᠠᠩᠬ᠎ᠠ ᠤᠳᠠᠭ᠎ᠠ ᠬᠤᠲᠠ ᠬᠥᠳᠡᠭᠡ ᠶᠢ ᠬᠠᠮᠤᠷᠤᠭᠰᠠᠨ ᠭᠤᠷᠪᠠᠨ ᠱᠠᠲᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠲᠦᠷᠭᠡᠳᠬᠡᠨ ᠪᠦᠷᠢᠨᠰᠢᠭᠦᠯᠦᠨ᠎ᠡ ᠭᠡᠵᠦ ᠳᠤᠷᠠᠳᠴᠠᠢ - | | | ᠰᠢᠶᠠᠨ ᠤ ᠱᠠᠲᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠠᠪᠴᠠᠩ ᠨᠢ ᠵᠢᠱᠢᠶ᠎ᠡ ᠦᠵᠡᠭᠦᠯᠦᠨ ᠵᠢᠯᠤᠭᠤᠳᠬᠤ ᠵᠡᠷᠭᠡ ᠦᠢᠯᠡᠳᠦᠯ ᠢᠶᠠᠨ ᠪᠠᠳᠠᠷᠠᠭᠤᠯᠵᠤ᠂ | ᠰᠢᠶᠠᠩ ᠪᠠᠯᠭᠠᠰᠤ (ᠵᠡᠭᠡᠯᠢ ᠭᠤᠳᠤᠮᠵᠢ ) ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠨᠢ ᠬᠦᠢᠰᠦ ᠶᠢᠨ ᠦᠢᠯᠡᠳᠦᠯ ᠢᠶᠠᠨ ᠪᠠᠳᠠᠷᠠᠭᠤᠯᠤᠨ᠂ ᠲᠣᠰᠬᠤᠨ ( ᠨᠡᠶᠢᠭᠡᠮ ᠲᠣᠭᠤᠷᠢᠭ ) | ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠥᠷᠲᠡᠭᠡ ᠴᠡᠭ ᠨᠢ | ᠨᠠᠰᠤᠲᠠᠶᠢᠴᠤᠳ ᠲᠤ ᠣᠶᠢᠷᠠᠲᠤᠬᠤ ᠳᠠᠪᠠᠭᠤᠯᠢᠭ ᠢᠶᠠᠨ ᠪᠠᠳᠠᠷᠠᠭᠤᠯᠵᠤ᠂ ᠪᠦᠭᠦ᠋ᠢᠯᠡ ᠰᠢᠶᠠᠨ (ᠲᠣᠭᠤᠷᠢᠭ) ᠤ | ᠬᠡᠪᠴᠢᠶᠡᠨ ᠳᠠᠬᠢ ᠨᠠᠰᠤᠵᠢᠯ ᠤᠨ ᠲᠥᠬᠦᠭᠡᠷᠦᠮᠵᠢ ᠶᠢ ᠴᠡᠭ ᠲᠠᠢ ᠬᠤᠯᠪᠣᠵᠤ ᠲᠤᠤᠷᠵᠢᠭᠤᠯᠤᠨ᠂ ᠦᠢᠯᠡᠴᠢᠯᠡᠭᠡ ᠶᠢ | ᠨᠠᠩ ᠳᠥᠭᠦᠮ ᠳᠥᠲᠡ ᠪᠣᠯᠭᠠᠨ᠎ᠠ᠃ | ᠰᠠᠨᠠᠯ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠲᠥᠷᠥᠯ ᠬᠤᠪᠢᠶᠠᠨ ᠥᠭᠡᠷᠡᠴᠢᠯᠡᠬᠦ ᠲᠤᠬᠠᠢ ᠠᠩᠬ᠎ᠠ | ᠤᠳᠠᠭ᠎ᠠ ᠳᠤᠷᠠᠳᠪᠠ - | | | | | ᠰᠠᠨᠠᠯ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠦᠨᠳᠦᠰᠦᠨ ᠵᠦᠢᠯ ᠢ ᠪᠠᠲᠤᠯᠠᠬᠤ ᠭᠡᠯᠪᠡᠷᠢ ᠶᠢᠨ᠂ | ᠲᠦᠭᠡᠮᠡᠯ ᠬᠠᠷᠠᠭᠠᠯᠵᠠᠯᠲᠤ ᠳᠡᠮᠵᠢᠯᠭᠡ ᠶᠢᠨ ᠭᠡᠯᠪᠡᠷᠢ ᠶᠢᠨ᠂ ᠪᠦᠷᠢᠨ ᠵᠠᠬ᠎ᠠ ᠳᠡᠯᠭᠡᠭᠦᠷ ᠤᠨ ᠭᠡᠯᠪᠡᠷᠢ ᠶᠢᠨ ᠭᠡᠵᠦ | ᠠᠩᠬ᠎ᠠ ᠤᠳᠠᠭ᠎ᠠ ᠲᠣᠳᠣᠷᠬᠠᠢ ᠬᠤᠪᠢᠶᠠᠵᠤ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠲᠠᠢ᠂ ᠵᠠᠪᠠᠯ | ᠱᠠᠭᠠᠷᠳᠠᠭᠳᠠᠬᠤ ᠦᠢᠯᠡᠴᠢᠯᠡᠭᠡ ᠲᠠᠢ᠂ ᠲᠦᠭᠡᠮᠡᠯ ᠬᠠᠷᠠᠭᠠᠯᠵᠠᠯᠲᠤ ᠬᠠᠩᠭᠠᠯᠭ᠎ᠠ ᠲᠠᠢ᠂ ᠵᠠᠬ᠎ᠠ ᠳᠡᠯᠭᠡᠭᠦᠷ | ᠰᠣᠩᠭᠤᠯᠲᠠ ᠲᠠᠢ ᠦᠢᠯᠡᠴᠢᠯᠡᠭᠡᠨ ᠤ ᠪᠠᠶᠢᠷᠢᠰᠢᠯ ᠢ ᠪᠤᠶ ᠪᠤᠯᠭᠠᠬᠤ ᠶᠢ ᠠᠬᠢᠭᠤᠯᠤᠨ᠎ᠠ᠃ | ᠰᠠᠨᠠᠯ ᠢ ᠬᠡᠷᠬᠢᠨ ᠨᠠᠶᠢᠳᠠᠪᠤᠷᠢᠵᠢᠭᠤᠯᠬᠤ ᠪᠤᠶ︖ | | | | | ᠰᠠᠨᠠᠯ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ | ᠭᠦᠨᠵᠡᠭᠡᠶᠢᠷᠡᠭᠦᠯᠬᠦ ᠳᠤᠮᠳᠠᠬᠢ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠭᠤᠷᠪᠠᠨ ᠲᠥᠷᠥᠯ ᠤᠨ ᠭᠤᠣᠯ | ᠴᠣᠭᠴᠠ ᠶᠢᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ ᠲᠣᠭᠲᠠᠭᠠᠪᠠ - | | | ᠵᠠᠰᠠᠭ ᠤᠨ ᠣᠷᠳᠣᠨ ᠭᠤᠣᠯᠯᠠᠬᠤ ᠦᠢᠯᠡᠳᠦᠯ ᠢᠶᠠᠨ ᠪᠠᠳᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠲᠥᠯᠥᠪᠵᠢᠭᠦᠯᠦᠨ ᠬᠥᠲᠥᠯᠥᠨ ᠵᠢᠯᠤᠭᠤᠳᠬᠤ᠂ ᠲᠦᠷᠦ ᠶᠢᠨ ᠪᠣᠳᠣᠯᠭ᠎ᠠ ᠪᠠᠷ ᠳᠡᠮᠵᠢᠬᠦ᠂ ᠵᠣᠬᠢᠶᠠᠨ | ᠪᠠᠶᠢᠭᠤᠯᠤᠯᠲᠠ ᠪᠠᠷ ᠪᠠᠲᠤᠯᠠᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ ᠲᠦᠭᠡᠮᠡᠯ ᠬᠠᠷᠠᠭᠠᠯᠵᠠᠯ ᠤᠨ | ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ | | | ᠵᠠᠬ᠎ᠠ ᠳᠡᠯᠭᠡᠭᠦᠷ ᠨᠢ ᠡᠬᠢ ᠪᠠᠶᠠᠯᠢᠭ ᠢ ᠲᠣᠬᠢᠷᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠵᠠᠬ᠎ᠠ ᠳᠡᠯᠭᠡᠭᠦᠷᠴᠢᠯᠡᠭᠰᠡᠨ ᠵᠠᠷᠴᠢᠮ ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ | ᠢᠳᠡᠪᠬᠢᠲᠡᠢ ᠣᠷᠤᠯᠴᠠᠬᠤ ᠶᠢ ᠳᠡᠮᠵᠢᠵᠦ᠂ ᠨᠡᠶᠢᠭᠡᠮᠴᠢᠯᠡᠭᠰᠡᠨ ᠡᠵᠡᠩᠨᠡᠯᠲᠡ ᠶᠢᠨ ᠲᠣᠭᠲᠠᠴᠠ ᠪᠠ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠦᠢᠯᠡᠰ ᠤᠨ ᠬᠡᠪᠴᠢᠶᠡᠵᠢᠭᠰᠡᠨ᠂ ᠪᠦᠯᠦᠭᠵᠢᠭᠰᠡᠨ᠂ ᠲᠥᠷᠥᠯ | ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ | | | ᠨᠡᠶᠢᠭᠡᠮ ᠨᠡᠶᠢᠲᠡ ᠶᠢᠨ ᠬᠢᠨ ᠣᠷᠤᠯᠴᠠᠬᠤ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠬᠠᠷᠢᠯᠴᠠᠨ | ᠬᠠᠪᠰᠤᠷᠤᠯᠴᠠᠵᠤ ᠬᠠᠷᠢᠯᠴᠠᠨ ᠲᠤᠰᠠᠯᠠᠬᠤ ᠴᠢᠳᠠᠮᠵᠢ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠠᠴᠠ ᠤᠳᠤᠷᠢᠳᠤᠭᠰᠠᠨ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ ᠥᠪᠡᠷᠲᠡᠭᠡᠨ | ᠵᠠᠰᠠᠬᠤ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠭᠰᠠᠨ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠰᠠᠶᠢᠨ ᠳᠤᠷᠠᠴᠤᠳ ᠵᠡᠷᠭᠡ ᠬᠦᠴᠦᠨ ᠣᠷᠣᠯᠴᠠᠬᠰᠠᠨ ᠨᠡᠶᠢᠭᠡᠮ | ᠠᠴᠠ ᠳᠡᠮᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠷᠢᠰᠢᠯ ᠢ ᠪᠠᠶᠢᠭᠤᠯᠤᠨ᠎ᠠ᠃ | ᠡᠨᠡᠬᠦ ᠰᠠᠨᠠᠯ ᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠨᠠᠰᠤᠲᠠᠶᠢᠴᠤᠳ ᠤᠨ ᠥᠲᠡᠯᠦᠭᠡ ᠨᠠᠰᠤ ᠪᠠᠨ ᠠᠮᠤᠷ | ᠵᠢᠷᠭᠠᠯ ᠲᠠᠢ ᠥᠩᠭᠡᠷᠡᠭᠦᠯᠬᠦ ᠳᠤ ᠨᠠᠩ ᠣᠯᠠᠨ︽ᠵᠣᠯ ᠵᠢᠷᠭᠠᠯ ᠤᠨ ᠬᠠᠯᠬᠠᠪᠴᠢ︾ ᠬᠠᠩᠭᠠᠬᠤ ᠪᠣᠯᠣᠨ᠎ᠠ᠃ | | ᠢᠷᠡᠯᠲᠡ᠄ ᠰᠢᠨᠬᠤᠸᠠ ᠬᠤᠷᠢᠶ᠎ᠠ | |