| | | | ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ ᠭᠤᠷᠪᠠᠨ ᠰᠠᠯᠠᠭ᠎ᠠ | ᠮᠥᠴᠢᠷ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ | ᠬᠤᠳᠠᠯᠳᠤᠨ ᠠᠪᠬᠤ ᠶᠢ ᠲᠡᠮᠵᠢᠵᠦ᠂ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠢ ᠮᠡᠳᠡᠭᠳᠡᠯ ᠨᠡᠶᠢᠲᠡᠯᠡᠪᠡ᠃ | | | ᠭᠤᠣᠯ ᠠᠭᠤᠯᠭ᠎ᠠ ᠨᠢ ᠳᠣᠣᠷᠠᠬᠢ ᠮᠡᠲᠦ᠄ | | | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ︾ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠬᠦ᠂ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠬᠤ᠂ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ︽ᠭᠤᠷᠪᠠᠨ ᠵᠢᠯ ᠤᠨ ᠠᠵᠢᠯᠯᠠᠭᠠᠨ ᠤ ᠲᠥᠰᠥᠯ ︵2024 - 2026 ᠣᠨ︶︾ ᠤᠨ | ᠶᠣᠰᠣᠭᠠᠷ ᠵᠠᠰᠠᠭ ᠤᠨ ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ | ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠪᠠ ᠪᠣᠬᠢᠷᠲᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠢ ᠢᠳᠡᠪᠬᠢᠲᠡᠢ ᠳᠡᠯᠭᠡᠷᠡᠭᠦᠯᠵᠦ᠂ ᠡᠮᠦᠨᠡᠬᠢ ᠬᠤᠭᠤᠴᠠᠭᠠᠨ ᠤ ᠵᠠᠰᠠᠭ ᠤᠨ | ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠨ ᠠᠪᠬᠤ ᠶᠢ | ᠳᠡᠮᠵᠢᠵᠦ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ | ᠠᠬᠢᠭᠤᠯᠤᠭᠰᠠᠨ ᠰᠠᠭᠤᠷᠢᠨ ᠳᠡᠭᠡᠷ᠎ᠡ᠂ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠪᠠᠷ ᠰᠢᠢᠳᠪᠦᠷᠢ | ᠭᠠᠷᠭᠠᠵᠠᠢ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄ | | | | | ᠨᠢᠭᠡ᠂ ᠬᠡᠷᠡᠭᠵᠢᠭᠦᠯᠬᠦ ᠬᠡᠪᠴᠢᠶ᠎ᠡ | | | 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠡᠭᠡᠵᠢᠩ ᠬᠤᠲᠠ ᠶᠢᠨ ᠴᠣᠣᠶᠠᠩ | ᠲᠣᠭᠤᠷᠢᠭ ᠵᠡᠷᠭᠡ 101 ᠬᠤᠲᠠ ︵ᠬᠤᠲᠠ ᠶᠢᠨ ᠬᠠᠷᠢᠶ᠎ᠠ ᠲᠣᠭᠤᠷᠢᠭ︶ ᠳᠤ ᠵᠠᠰᠠᠭ ᠤᠨ ᠣᠷᠳᠣᠨ ᠤ ᠬᠤᠳᠠᠯᠳᠤᠨ | ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠨ ᠠᠪᠬᠤ ᠶᠢ ᠲᠡᠮᠵᠢᠵᠦ ᠪᠠᠷᠢᠯᠭ᠎ᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ︵ᠪᠣᠳᠠᠲᠠᠢ ᠬᠤᠲᠠ ᠶᠢᠨ | ᠨᠡᠷᠡᠰ ᠢ ᠳᠠᠭᠠᠯᠳᠤᠭᠤᠯᠤᠯ 1 ᠳᠤ ᠦᠵᠡ︶᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ | ᠣᠷᠣᠭᠤᠯᠤᠭᠰᠠᠨ ᠲᠥᠷᠥᠯ ᠵᠦᠢᠯ ᠳᠤ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠠᠯᠪᠠᠨ ᠠᠰᠠᠷ᠂ ᠶᠡᠷᠦᠩᠬᠡᠶᠢᠯᠡᠭᠰᠡᠨ | ᠴᠣᠭᠴᠠ᠂ ᠦᠵᠡᠭᠦᠯᠦᠯᠭᠡ ᠶᠢᠨ ᠣᠷᠳᠣᠨ᠂ ᠦᠵᠡᠭᠦᠯᠦᠯᠭᠡ ᠶᠢᠨ ᠲᠥᠪ᠂ ᠪᠡᠶ᠎ᠡ ᠶᠢᠨ ᠲᠠᠮᠢᠷ ᠤᠨ ᠣᠷᠳᠣᠨ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠢᠴᠢ ᠬᠠᠭᠤᠴᠢᠨ ᠬᠤᠲᠠ ᠶᠢ ᠥᠭᠡᠷᠡᠴᠢᠯᠡᠬᠦ ᠲᠥᠷᠥᠯ ᠵᠦᠢᠯ ᠵᠡᠷᠭᠡ | ᠵᠠᠰᠠᠭ ᠤᠨ ᠣᠷᠳᠣᠨ ᠤ ᠬᠤᠳᠠᠯᠳᠤᠨ ᠠᠪᠬᠤ ᠢᠨᠵᠧᠨᠧᠷᠢᠩ ᠤᠨ ᠲᠥᠷᠥᠯ᠂ ᠡᠭᠦᠨ ᠳᠤ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠬᠠᠤᠯᠢ ᠬᠡᠷᠡᠭᠯᠡᠬᠦ ᠵᠠᠰᠠᠭ ᠤᠨ ᠣᠷᠳᠣᠨ ᠤ ᠬᠤᠳᠠᠯᠳᠤᠨ ᠠᠪᠬᠤ ᠢᠨᠵᠧᠨᠧᠷᠢᠩ ᠤᠨ | ᠲᠥᠷᠥᠯ ᠵᠦᠢᠯ ᠪᠠᠭᠲᠠᠨ᠎ᠠ᠃ ᠡᠯ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠲᠠ ᠶᠢᠨ ᠵᠠᠰᠠᠭ ᠤᠨ ᠣᠷᠳᠣᠨ ᠤ | ᠪᠤᠰᠤᠳ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠬᠤ ᠶᠢ | ᠵᠣᠷᠢᠭᠵᠢᠭᠤᠯᠤᠨ᠎ᠠ᠃ | | | | ᠬᠤᠶᠠᠷ᠂ ᠭᠤᠣᠯ ᠡᠭᠦᠷᠭᠡ | | | ᠡᠯ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠬᠤᠲᠠ ᠨᠤᠭᠤᠳ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠯᠡᠨ ᠪᠣᠬᠢᠷᠲᠤᠯ ᠦᠭᠡᠢ ᠪᠠᠷᠢᠯᠭ᠎ᠠ ᠪᠠ ᠪᠣᠬᠢᠷᠲᠤᠯ | ᠦᠭᠡᠢ ᠪᠠᠷᠢᠯᠭ᠎ᠠ ᠶᠢᠨ ᠮᠠᠲ᠋ᠧᠷᠢᠶᠠᠯ ᠢ ᠤᠭᠰᠠᠷᠠᠮᠠᠯ ᠮᠠᠶ᠋ᠢᠭ ᠤᠨ᠂ ᠣᠶᠤᠨᠴᠢᠯᠠᠭᠰᠠᠨ ᠵᠡᠷᠭᠡ ᠰᠢᠨ᠎ᠡ ᠬᠡᠯᠪᠡᠷᠢ ᠶᠢᠨ | ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠨ ᠪᠠᠶᠢᠭᠤᠯᠬᠤ ᠠᠷᠭ᠎ᠠ ᠮᠠᠶ᠋ᠢᠭ ᠢ ᠶᠡᠬᠡᠪᠡᠷ ᠬᠥᠭᠵᠢᠭᠦᠯᠵᠦ᠂ ᠪᠣᠬᠢᠷᠲᠤᠯ | ᠦᠭᠡᠢ ᠪᠠᠷᠢᠯᠭ᠎ᠠ ᠶᠢ ᠪᠦᠲᠦᠭᠡᠨ ᠪᠠᠶᠢᠭᠤᠯᠵᠤ᠂ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠬᠡᠯᠪᠡᠷᠢ ᠬᠤᠪᠢᠷᠠᠭᠤᠯᠬᠤ ᠶᠢ ᠳᠡᠮᠵᠢᠬᠦ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠣᠶ ᠪᠣᠯᠭᠠᠵᠤ᠂ ᠪᠠᠷᠢᠯᠭ᠎ᠠ ᠶᠢᠨ ᠮᠠᠲ᠋ᠧᠷᠢᠶᠠᠯ ᠪᠠ ᠪᠠᠷᠢᠯᠭ᠎ᠠ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠬᠥᠲᠥᠯᠥᠨ ᠵᠢᠯᠤᠭᠤᠳᠴᠤ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠣᠶᠤᠨᠴᠢ | ᠰᠠᠶᠢᠨ ᠭᠡᠷ ᠪᠠᠶᠢᠰᠢᠩ ᠢ ᠬᠦᠴᠦᠯᠡᠨ ᠪᠦᠲᠦᠭᠡᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠬᠢᠷᠲᠤᠯ | ᠦᠭᠡᠢ᠂ ᠳᠣᠣᠷ᠎ᠠ ᠨᠡᠭᠦᠷᠡᠰᠦᠲᠥ᠋ᠷᠥᠭᠴᠢᠲᠦ ᠬᠤᠲᠠ ᠶᠢ ᠪᠦᠲᠦᠭᠡᠨ ᠪᠠᠶᠢᠭᠤᠯᠤᠨ᠎ᠠ᠃ | | | ︵ᠨᠢᠭᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠲᠠ ᠨᠤᠭᠤᠳ ︽ᠪᠣᠬᠢᠷᠲᠤᠯ ᠦᠭᠡᠢ | ᠪᠠᠷᠢᠯᠭ᠎ᠠ ᠪᠠ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵2025 ᠣᠨ ᠤ ᠬᠡᠪᠯᠡᠯ︶︾ ︵ᠳᠣᠷᠣᠭᠰᠢ ︽ᠬᠡᠷᠡᠭᠴᠡᠭᠡ | ᠱᠠᠭᠠᠷᠳᠠᠯᠭ᠎ᠠ ᠶᠢᠨ ᠪᠠᠷᠢᠮᠵᠢᠶ᠎ᠠ︾ ᠭᠡᠵᠦ ᠲᠣᠪᠴᠢᠯᠠᠨ᠎ᠠ᠂ ᠳᠠᠭᠠᠯᠳᠤᠭᠤᠯᠤᠯ 2 ᠢ ᠦᠵᠡ︶ ᠶᠢ ᠴᠢᠩᠭ᠎ᠠ ᠬᠡᠷᠡᠭᠵᠢᠭᠦᠯᠵᠦ᠂ | ︽ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ | ᠠᠯᠪᠠᠨ ᠲᠢᠩᠬᠢᠮ ᠤᠨ ︿ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠬᠤᠳᠠᠯᠳᠤᠨ ᠠᠪᠬᠤ ᠶᠢ ᠳᠡᠮᠵᠢᠵᠦ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠢ ᠬᠡᠷᠡᠭᠵᠢᠭᠦᠯᠬᠦ ᠵᠦᠭᠯᠡᠭᠦᠷ﹀ ᠢ ᠳᠠᠷᠤᠮᠠᠯᠯᠠᠨ ᠶᠠᠪᠤᠭᠤᠯᠬᠤ ᠲᠤᠬᠠᠢ | ᠮᠡᠳᠡᠭᠳᠡᠯ︾ ︵ᠡᠳ᠋ ᠠᠯᠪᠠᠨ ᠬᠥᠮᠥᠷᠭᠡ ﹇2023﹈ 52 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠳᠤ ᠣᠷᠣᠭᠤᠯᠤᠭᠰᠠᠨ ᠲᠦᠷᠦᠯ ᠵᠦᠢᠯ ᠤᠨ | ᠨᠠᠶᠢᠷᠠᠭᠤᠯᠤᠨ ᠵᠣᠬᠢᠶᠠᠬᠤ᠂ ᠵᠢᠷᠤᠭᠯᠠᠨ ᠲᠥᠯᠥᠪᠯᠡᠬᠦ ᠪᠠ ᠬᠢᠨᠠᠨ ᠪᠠᠶᠢᠴᠠᠭᠠᠬᠤ ᠂ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ᠂ ᠰᠢᠯᠭᠠᠨ ᠠᠪᠬᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ | ︵ᠤᠷᠢᠳᠴᠢᠯᠠᠨ︶ ᠶᠢᠨ ᠦᠨᠡᠯᠡᠬᠦ ᠪᠥᠬᠦ ᠴᠤᠪᠤᠷᠠᠯ ᠤᠨ ᠬᠠᠮᠢᠶ᠎ᠠ ᠪᠦᠬᠦᠢ ᠠᠵᠢᠯᠯᠠᠭ᠎ᠠ ᠳᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠨ ᠠᠪᠬᠤ ᠶᠢ ᠲᠡᠮᠵᠢᠵᠦ | ᠪᠠᠷᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠰᠢᠯᠭᠠᠨ ᠬᠤᠷᠢᠶᠠᠬᠤ ᠶᠢ ᠥᠩᠭᠡᠷᠡᠭᠡᠭᠰᠡᠨ ᠲᠥᠷᠥᠯ ᠵᠦᠢᠯ ᠤᠨ ᠪᠣᠬᠢᠷᠲᠤᠯ ᠦᠭᠡᠢ | ᠪᠠᠷᠢᠯᠭ᠎ᠠ ᠶᠢᠨ ᠲᠡᠮᠳᠡᠭ ᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠢᠨᠵᠧᠨᠧᠷᠢᠩ ᠤᠨ ᠲᠥᠷᠥᠯ ᠵᠦᠢᠯ ᠤᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | | | ︵ᠬᠤᠶᠠᠷ︶ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠢᠯᠭ᠎ᠠ ᠶᠢᠨ ᠲᠥᠷᠥᠯ ᠵᠦᠢᠯ ᠳᠤ ᠬᠡᠷᠡᠭᠯᠡᠬᠦ | ᠪᠠᠷᠢᠯᠭ᠎ᠠ ᠶᠢᠨ ᠮᠠᠲ᠋ᠧᠷᠢᠶᠠᠯ ᠤᠨ ︽ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ︾ ᠳᠤ ︽ᠵᠠᠪᠠᠯ ᠰᠣᠩᠭᠤᠬᠤ︾ ᠭᠡᠵᠦ | ᠲᠣᠳᠣᠷᠬᠠᠢ ᠲᠣᠭᠲᠠᠭᠠᠭᠰᠠᠨ ᠪᠠᠶᠢᠪᠠᠯ᠂ ᠬᠤᠳᠠᠯᠳᠤᠨ ᠠᠪᠬᠤ ᠪᠠ ᠬᠡᠷᠡᠭᠯᠡᠬᠦ ᠪᠦᠬᠦ ᠪᠠᠷᠢᠯᠭ᠎ᠠ ᠶᠢᠨ ᠮᠠᠲ᠋ᠧᠷᠢᠶᠠᠯ ᠨᠢ | ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠭᠰᠡᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠪᠠᠶᠢᠬᠤ ᠬᠡᠷᠡᠭᠲᠡᠢ︔ ︽ | ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ︾ ᠳᠤ ︽ᠰᠣᠩᠭᠤᠵᠤ ᠪᠣᠯᠬᠤ︾ ᠭᠡᠵᠦ ᠲᠣᠳᠣᠷᠬᠠᠶᠢᠯᠠᠭᠰᠠᠨ ᠪᠠᠶᠢᠪᠠᠯ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠲᠠ ᠨᠢ ᠲᠣᠰ ᠪᠡᠶ᠎ᠡ ᠶᠢᠨ ᠣᠷᠣᠨ ᠪᠦᠰᠡ ᠶᠢᠨ ᠪᠠᠶᠢᠷᠢᠯᠠᠯ᠂ ᠠᠵᠤ | ᠦᠢᠯᠡᠰ ᠤᠨ ᠬᠥᠭᠵᠢᠯᠲᠡ ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠢᠨᠠᠷ ᠦᠨ᠎ᠡ ᠶᠢᠨ ᠬᠠᠷᠢᠴᠠᠯ ᠢᠶᠠᠷ | ᠥᠨᠳᠥᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠡᠵᠡᠨ ᠮᠡᠳᠡᠵᠦ ᠰᠣᠩᠭᠤᠨ ᠬᠡᠷᠡᠭᠯᠡᠵᠦ | ᠪᠣᠯᠣᠨ᠎ᠠ᠂ ᠰᠣᠩᠭᠤᠨ ᠬᠡᠷᠡᠭᠯᠡᠬᠦ ᠲᠥᠷᠥᠯ ᠵᠦᠢᠯ ᠨᠢ ᠪᠠᠷᠢᠯᠭ᠎ᠠ ᠶᠢᠨ ᠲᠥᠷᠥᠯ ᠵᠦᠢᠯ ᠳᠤ ᠬᠤᠯᠪᠣᠭᠳᠠᠬᠤ | ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠤᠨ 40% ᠠᠴᠠ ᠳᠣᠣᠷ᠎ᠠ ᠪᠠᠶᠢᠵᠤ ᠪᠣᠯᠬᠤ ᠦᠭᠡᠢ᠃ ᠡᠯ᠎ᠡ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠲᠠ ᠨᠤᠭᠤᠳ ᠨᠡᠶᠢᠳᠡᠮ ᠬᠡᠷᠡᠭᠯᠡᠬᠦ ᠲᠥᠷᠥᠯ ᠤᠨ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠪᠥᠭᠡᠮ ᠢᠶᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠰᠦᠪᠡᠭᠴᠢᠯᠡᠨ ᠬᠡᠷᠡᠭᠵᠢᠭᠦᠯᠵᠦ ᠂ | ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ | ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠠᠴᠠ ᠬᠤᠳᠠᠯᠳᠤᠨ ᠠᠪᠤᠭᠴᠢ ᠶᠢᠨ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠵᠤ ᠂ | ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠥᠷᠨᠢᠭᠦᠯᠬᠦ ᠬᠡᠷᠡᠭᠲᠡᠢ᠃ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠡᠯᠧᠺᠲᠷᠤᠨᠴᠢᠯᠡᠨ ᠬᠤᠳᠠᠯᠳᠤᠨ ᠠᠪᠴᠤ ᠠᠷᠠᠯᠵᠢᠶᠠᠯᠠᠬᠤ ᠶᠢ ᠢᠳᠡᠪᠬᠢᠲᠡᠢ ᠠᠬᠢᠭᠤᠯᠵᠤ᠂ | ᠨᠥᠬᠦᠴᠡᠯ ᠳᠤ ᠨᠡᠶᠢᠴᠡᠬᠦ ᠪᠣᠶ ᠪᠦᠬᠦᠢ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠠᠯᠬᠤᠮ | ᠠᠯᠬᠤᠮ ᠢᠶᠠᠷ ᠡᠯᠧᠺᠲᠷᠣᠨ ᠲᠠᠪᠴᠠᠩ ᠳᠤ ᠣᠷᠣᠭᠤᠯᠤᠨ ᠠᠷᠠᠯᠵᠢᠶᠠᠯᠠᠵᠤ᠂ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠬᠤᠳᠠᠯᠳᠤᠨ ᠠᠪᠬᠤ ᠦᠷ᠎ᠡ ᠪᠦᠲᠦᠮᠵᠢ ᠪᠠ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠨᠢ ᠪᠠᠷᠠᠭ᠎ᠠ | ᠬᠠᠩᠭᠠᠬᠤ ᠳᠠᠭᠠᠨ ᠬᠠᠩᠭᠠᠭᠰᠠᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠶᠢᠨ | ᠪᠠᠷᠢᠮᠵᠢᠶ᠎ᠠ ᠳᠤ ᠨᠡᠶᠢᠴᠡᠭᠰᠡᠨ ᠭᠡᠷᠡᠴᠢᠯᠡᠬᠦ ᠴᠢᠨᠠᠷᠲᠠᠢ ᠪᠢᠴᠢᠭ ᠮᠠᠲ᠋ᠧᠷᠢᠶᠠᠯ ᠢ ᠭᠠᠷᠭᠠᠵᠤ ᠥᠭᠬᠦ ᠬᠡᠷᠡᠭᠲᠡᠢ᠂ ᠡᠭᠦᠨ ᠳᠤ | ᠤᠯᠤᠰ ᠠᠴᠠ ᠨᠢᠭᠡᠳᠦᠯᠲᠡᠢ ᠬᠡᠷᠡᠭᠵᠢᠭᠦᠯᠦᠭᠰᠡᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ | ᠭᠡᠷᠡᠴᠢᠯᠡᠯ ᠤᠨ ᠦᠨᠡᠮᠯᠡᠯ ᠪᠤᠶᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ᠳᠤ ᠨᠡᠶᠢᠴᠡᠭᠰᠡᠨ ᠪᠦᠲᠦᠮᠵᠢᠲᠡᠶ | ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠵᠡᠷᠭᠡ ᠶᠢ ᠪᠠᠭᠲᠠᠭᠠᠨ᠎ᠠ᠃ | | | ︵ᠭᠤᠷᠪᠠ︶ ᠪᠠᠷᠢᠯᠭ᠎ᠠ ᠶᠢᠨ ᠦᠨ᠎ᠡ ᠶᠢᠨ ᠵᠣᠭᠤᠰ ᠢᠶᠠᠷ ᠳ᠋ᠦᠩᠨᠡᠨ ᠪᠤᠳᠤᠬᠤ ᠶᠢ ᠡᠩ ᠲᠡᠷᠢᠭᠦᠨ ᠳᠤ | ᠥᠷᠨᠢᠭᠦᠯᠦᠨ᠎ᠡ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠭᠰᠠᠨ ᠪᠠᠷᠢᠯᠭ᠎ᠠ ᠶᠢᠨ | ᠲᠥᠷᠥᠯ ᠵᠦᠢᠯ ᠳᠤ ᠪᠠᠷᠢᠯᠭ᠎ᠠ ᠶᠢᠨ ᠦᠨ᠎ᠡ ᠶᠢᠨ ᠵᠣᠭᠤᠰ ᠢᠶᠠᠷ ᠳ᠋ᠦᠩᠨᠡᠨ ᠪᠤᠳᠤᠬᠤ ᠬᠠᠷᠢᠴᠠᠯ ᠢ ᠳᠡᠭᠡᠭᠰᠢᠯᠡᠭᠦᠯᠵᠦ᠂ | ᠪᠠᠷᠢᠯᠭ᠎ᠠ ᠶᠢᠨ ᠠᠬᠢᠴᠠ ᠶᠢᠨ ᠵᠣᠭᠤᠰ ᠢ ᠥᠭᠬᠦ ᠬᠠᠷᠢᠴᠠᠯ ᠢ ᠨᠢᠭᠡᠨᠲᠡ ᠳᠠᠭᠤᠰᠤᠭᠰᠠᠨ ᠪᠠᠷᠢᠯᠭ᠎ᠠ ᠶᠢᠨ ᠦᠨ᠎ᠡ ᠶᠢᠨ | ᠵᠣᠭᠤᠰ ᠤᠨ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠪᠠᠷᠢᠯᠭ᠎ᠠ ᠪᠠᠷᠢᠬᠤ ᠶᠠᠪᠤᠴᠠ ᠶᠢ ᠳ᠋ᠦᠩᠨᠡᠨ | ᠪᠤᠳᠤᠬᠤ ᠶᠢ ᠬᠡᠷᠡᠭᠵᠢᠭᠦᠯᠵᠦ᠂ ᠳᠠᠭᠠᠭᠠᠴᠢᠯᠠᠭᠤᠯᠤᠭᠰᠠᠨ ᠬᠤᠶᠠᠷ ᠲᠠᠯ᠎ᠠ ᠪᠠᠷ ᠢᠶᠠᠨ ᠭᠡᠷ᠎ᠡ ᠪᠠᠷ ᠳᠡᠮᠵᠢᠨ᠂ ᠪᠠᠷᠢᠯᠭ᠎ᠠ | ᠪᠠᠷᠢᠬᠤ ᠶᠠᠪᠤᠴᠠ ᠶᠢ ᠴᠠᠭ ᠬᠤᠭᠤᠴᠠᠭ᠎ᠠ ᠪᠤᠶᠤ ᠠᠬᠢᠴᠠ ᠶᠢᠨ ᠵᠠᠩᠭᠢᠯᠠᠭ᠎ᠠ ᠶᠢᠨ ᠴᠡᠭ ᠢᠶᠠᠷ ᠪᠠᠷᠢᠯᠭ᠎ᠠ ᠪᠠᠷᠢᠬᠤ | ᠦᠶᠡᠯᠡᠯ ᠤᠨ ᠬᠤᠭᠤᠴᠠᠭ᠎ᠠ ᠶᠢ ᠬᠤᠪᠢᠶᠠᠷᠢᠯᠠᠵᠤ᠂ ᠦᠶᠡᠯᠡᠯ ᠤᠨ ᠬᠤᠭᠤᠴᠠᠭᠠᠨ ᠳᠤ ᠨᠢᠭᠡᠨᠲᠡ ᠪᠡᠶᠡᠯᠡᠭᠦᠯᠦᠭᠰᠡᠨ | ᠮᠥᠷᠲᠡᠭᠡᠨ ᠮᠠᠷᠭᠤᠭᠠᠨ ᠦᠭᠡᠢ ᠪᠠᠷᠢᠯᠭ᠎ᠠ ᠶᠢᠨ ᠲᠥᠷᠥᠯ ᠵᠦᠢᠯ ᠳᠤ ᠦᠨ᠎ᠡ ᠶᠢᠨ ᠵᠣᠭᠤᠰ ᠢ ᠪᠤᠳᠤᠬᠤ᠂ ᠨᠤᠲᠠᠯᠠᠬᠤ | ᠬᠡᠷᠡᠭᠲᠡᠢ᠃ ᠬᠤᠶᠠᠷ ᠲᠠᠯ᠎ᠠ ᠪᠠᠷ ᠢᠶᠠᠨ ᠨᠤᠲᠠᠯᠠᠭᠰᠠᠨ ᠶᠠᠪᠤᠴᠠ ᠶᠢᠨ ᠳ᠋ᠦᠩᠨᠡᠨ ᠪᠤᠳᠤᠭᠰᠠᠨ ᠪᠢᠴᠢᠭ ᠮᠠᠲ᠋ᠧᠷᠢᠶᠠᠯ ᠢ | ᠠᠵᠢᠯ ᠳᠠᠭᠤᠰᠤᠭᠰᠠᠨ ᠢ ᠳ᠋ᠦᠩᠨᠡᠨ ᠪᠤᠳᠤᠭᠰᠠᠨ ᠪᠢᠴᠢᠭ ᠮᠠᠲ᠋ᠧᠷᠢᠶᠠᠯ ᠤᠨ ᠪᠦᠷᠢᠯᠳᠦᠭᠦᠨ ᠬᠡᠰᠡᠭ ᠪᠣᠯᠭᠠᠵᠤ᠂ ᠠᠵᠢᠯ | ᠳᠠᠭᠤᠰᠤᠭᠰᠠᠨ ᠤ ᠳᠠᠷᠠᠭ᠎ᠠ ᠵᠠᠷᠴᠢᠮ ᠳᠡᠭᠡᠷ᠎ᠡ ᠪᠠᠨ ᠳᠠᠭᠢᠵᠤ ᠳᠠᠪᠬᠤᠷᠳᠠᠭᠤᠯᠤᠨ ᠬᠢᠨᠠᠨ ᠬᠠᠷᠭᠤᠭᠤᠯᠬᠤ ᠦᠭᠡᠢ᠃ | | | | | ᠭᠤᠷᠪᠠ᠂ ᠠᠵᠢᠯ ᠤᠨ ᠱᠠᠭᠠᠷᠳᠠᠯᠭ᠎ᠠ | | | ︵ᠨᠢᠭᠡ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠳᠤ ᠬᠤᠲᠠ ᠶᠢᠨ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠲᠣᠰ ᠲᠣᠰ ᠤᠨ | ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠲᠥᠷᠥ ᠶᠢᠨ | ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠬᠤᠳᠠᠯᠳᠤᠨ ᠠᠪᠤᠭᠴᠢ ᠶᠢ ᠵᠣᠬᠢᠶᠠᠨ ᠪᠠᠶᠢᠭᠤᠯᠤᠨ ︽ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ︾ ᠶᠢ | ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠢ ᠪᠥᠭᠡᠮ ᠢᠶᠠᠷ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠬᠦ ᠶᠢ ᠵᠢᠯᠤᠭᠤᠳᠴᠤ᠂ | ᠬᠤᠳᠠᠯᠳᠤᠨ ᠠᠪᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠭᠰᠠᠨ ᠢᠨᠵᠧᠨᠧᠷᠢᠩ ᠤᠨ ᠲᠥᠷᠥᠯ ᠵᠦᠢᠯ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠭᠡᠨ ᠤ ᠵᠢᠱᠢᠶ᠎ᠡ | ᠦᠵᠡᠭᠦᠯᠬᠦ ᠢᠨᠵᠧᠨᠧᠷᠢᠩ ᠪᠠ ᠴᠢᠨᠠᠷ ᠰᠠᠶᠢᠲᠠᠢ ᠪᠣᠬᠢᠷᠲᠤᠯ ᠦᠭᠡᠢ ᠪᠠᠷᠢᠯᠭ᠎ᠠ ᠶᠢᠨ ᠲᠥᠷᠥᠯ ᠵᠦᠢᠯ ᠢ ᠪᠣᠶᠢᠵᠢᠭᠤᠯᠬᠤ | ᠬᠡᠷᠡᠭᠲᠡᠢ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠣᠷᠣᠨ ᠪᠦᠰᠡ ᠶᠢᠨ | ᠣᠨᠴᠠᠯᠢᠭ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ | ᠨᠢᠷᠤᠭᠤᠪᠴᠢ ᠠᠵᠤ ᠠᠬᠤᠶᠢᠯᠠᠯ ᠪᠠ ᠭᠤᠣᠯᠳᠠᠯᠭ᠎ᠠ ᠲᠠᠢ ᠦᠢᠯᠡᠳᠬᠦᠨ ᠢ ᠪᠣᠶᠢᠵᠢᠭᠤᠯᠬᠤ ᠬᠡᠷᠡᠭᠲᠡᠢ᠃ | | | ︵ᠬᠤᠶᠠᠷ︶ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠤᠵᠢ ᠶᠢᠨ ᠱᠠᠲᠤᠨ ᠤ ᠡᠳ᠋ ᠤᠨ ᠵᠠᠰᠠᠭ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠲᠣᠰ ᠮᠡᠳᠡᠭᠳᠡᠯ ᠢ ᠣᠯᠣᠭᠰᠠᠨ ᠤ ᠳᠠᠷᠠᠭ᠎ᠠ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠭᠰᠠᠨ ᠬᠤᠲᠠ ᠶᠢᠨ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ | ᠮᠥᠴᠢᠷ ᠲᠤ ᠴᠠᠭ ᠲᠤᠬᠠᠢ ᠳᠤᠨᠢ ᠤᠯᠠᠮᠵᠢᠯᠠᠨ ᠲᠠᠷᠬᠠᠭᠠᠵᠤ᠂ ᠠᠵᠢᠯ ᠤᠨ ᠵᠢᠯᠣᠭᠤᠳᠤᠯᠭ᠎ᠠ ᠪᠠᠨ ᠦᠨᠡᠨ ᠬᠦ | ᠴᠢᠩᠭᠠᠳᠬᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠲᠠ ᠳᠤ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠦᠨᠳᠦᠰᠦᠯᠡᠵᠦ᠂ ᠲᠣᠰ ᠭᠠᠵᠠᠷ ᠣᠷᠣᠨ ᠤ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠨ᠂ ᠵᠣᠬᠢᠶᠠᠨ ᠪᠠᠶᠢᠭᠤᠯᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ | ᠲᠤᠷᠰᠢᠯᠭ᠎ᠠ ᠪᠠᠨ ᠢᠳᠡᠪᠬᠢᠲᠡᠢ ᠪᠠᠷ ᠳ᠋ᠦᠩᠨᠡᠵᠦ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠡᠷᠢᠭᠦᠨ ᠤ | ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠪᠣᠯᠪᠠᠰᠤᠷᠠᠭᠤᠯᠤᠨ᠂ ᠦᠢᠯᠡᠳᠦᠯᠭᠡ ᠶᠢᠨ ᠳᠤᠮᠳᠠ ᠢᠯᠡᠷᠡᠭᠰᠡᠨ | ᠠᠰᠠᠭᠤᠳᠠᠯ ᠢ ᠴᠠᠭ ᠲᠤᠬᠠᠢ ᠳᠤᠨᠢ ᠰᠤᠳᠤᠯᠬᠤ ᠪᠠ ᠲᠣᠬᠢᠲᠠᠢ ᠰᠢᠢᠳᠪᠦᠷᠢᠯᠡᠵᠦ᠂ ᠬᠡᠷᠡᠭᠵᠢᠭᠦᠯᠬᠦ ᠬᠦᠷᠢᠶ᠎ᠡ | ᠬᠡᠪᠴᠢᠶ᠎ᠡ ᠶᠢ ᠥᠷᠭᠡᠳᠬᠡᠬᠦ ᠠᠵᠢᠯ ᠢ ᠤᠷᠤᠭᠰᠢᠲᠠᠢ ᠠᠬᠢᠭᠤᠯᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | | | ︵ᠭᠤᠷᠪᠠ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ | ᠶᠠᠮᠤᠨ ᠠᠴᠠ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ ᠲᠦᠷᠦ ᠶᠢᠨ ᠪᠣᠳᠣᠯᠭ᠎ᠠ ᠶᠢᠨ | ᠵᠢᠯᠣᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠡᠰᠡᠭ ᠬᠤᠳᠠ ᠶᠢᠨ ᠲᠡᠷᠢᠭᠦᠨ ᠤ ᠲᠤᠷᠰᠢᠯᠭ᠎ᠠ ᠪᠠ | ᠨᠡᠶᠢᠲᠡᠯᠢᠭ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠦᠨ᠎ᠡ᠃ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠤᠷᠮᠠᠰᠢᠭᠤᠯᠤᠨ ᠦᠨᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ | ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ | ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ | ᠲᠤᠬᠠᠢ ᠳᠤᠨᠢ ᠬᠠᠷᠢᠭᠤ ᠥᠭᠴᠦ᠂ ᠬᠠᠮᠢᠶ᠎ᠠ ᠪᠦᠬᠦᠢ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠨ᠂ | ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | | | | | ᠳᠠᠭᠠᠯᠳᠤᠭᠤᠯᠤᠯ᠄ | - ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠤᠳᠠᠯᠳᠤᠨ
| - ᠠᠪᠬᠤ ᠶᠢ ᠳᠡᠮᠵᠢᠵᠦ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠬᠤ ᠲᠥᠷᠥ ᠶᠢᠨ
| - ᠪᠣᠳᠣᠯᠭ᠎ᠠ ᠶᠢ ᠬᠡᠷᠡᠭᠵᠢᠭᠦᠯᠬᠦ ᠬᠤᠲᠠ ᠶᠢᠨ ᠨᠡᠷᠡᠰ᠃
|
|
| 2. ᠪᠣᠬᠢᠷᠲᠤᠯ ᠦᠭᠡᠢ ᠪᠠᠷᠢᠯᠭ᠎ᠠ ᠪᠠ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵2025 ᠣᠨ ᠤ ᠬᠡᠪᠯᠡᠯ︶ pdf | | | | | ᠢᠷᠡᠯᠲᠡ᠄ ᠡᠳ᠋ ᠤᠨ ᠵᠠᠰᠠᠭ ᠤᠨ ᠶᠠᠮᠤᠨ ᠤ ᠰᠦᠯᠵᠢᠶ᠎ᠡ |