| | | | 2024 ᠣᠨ ᠤ 12 ᠳ᠋ᠤᠭᠠᠷ ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ ᠬᠤᠷᠠᠯᠳᠤᠭᠰᠠᠨ | ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠬᠤᠷᠠᠯᠳᠤᠭᠠᠨ ᠳᠤ᠂ 2024 ᠣᠨ ᠤ ᠠᠵᠢᠯ ᠢ ᠰᠢᠰᠲ᠋ᠧᠮ ᠲᠠᠢ ᠳ᠋ᠦᠩᠨᠡᠵᠦ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠵᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢ | ᠲᠣᠳᠣᠷᠬᠠᠶᠢᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ ᠲᠣᠭᠲᠠᠭᠠᠵᠠᠢ᠃ ᠭᠡᠷ ᠪᠠᠶᠢᠰᠢᠩ ᠭᠠᠵᠠᠷ ᠬᠥᠷᠥᠩᠭᠡ ᠪᠣᠯ ᠤᠯᠤᠰ | ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠢ | ᠰᠠᠶᠢᠲᠤᠷ ᠬᠢᠬᠦ ᠨᠢ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ᠂ ᠠᠷᠠᠳ | ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠳᠤ ᠲᠤᠶᠢᠯ ᠤᠨ ᠴᠢᠬᠤᠯᠠ ᠪᠠᠶᠢᠳᠠᠭ᠃ 2024 | ᠣᠨ ᠠᠴᠠ ᠨᠠᠰᠢ᠂ ᠪᠦᠬᠦ ᠤᠯᠤᠰ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ | ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠬᠡᠷᠡᠭᠵᠢᠭᠦᠯᠵᠦ᠂ ᠪᠠᠲᠤᠯᠠᠭᠠᠲᠤ ᠲᠤᠰᠢᠶᠠᠬᠤ ᠣᠷᠣᠨ | ᠰᠠᠭᠤᠴᠠ ᠶᠢᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ | ᠠᠬᠢᠭᠤᠯᠪᠠ᠃ | | | ᠨᠢᠭᠡ ᠳᠤ᠂ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ︽ᠳᠥᠷᠪᠡ ᠶᠢ ᠬᠦᠴᠦᠨ ᠦᠭᠡᠢ | ᠪᠣᠯᠭᠠᠬᠤ᠂ ᠳᠥᠷᠪᠡ ᠶᠢ ᠪᠠᠭᠤᠷᠠᠭᠤᠯᠬᠤ᠂ ᠬᠤᠶᠠᠷ ᠢ ᠨᠡᠮᠡᠭᠳᠡᠭᠦᠯᠬᠦ︾ ᠭᠡᠷ ᠪᠠᠶᠢᠰᠢᠩ ᠭᠠᠵᠠᠷ ᠬᠥᠷᠥᠩᠭᠡ ᠶᠢᠨ | ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠠᠪᠴᠠᠢ᠃ ︽ᠳᠥᠷᠪᠡ ᠶᠢ ᠬᠦᠴᠦᠨ ᠦᠭᠡᠢ ᠪᠣᠯᠭᠠᠬᠤ︾ ᠭᠡᠳᠡᠭ | ᠨᠢ ᠳᠠᠷᠤᠢ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ ᠦᠨ᠎ᠡ ᠶᠢ ᠬᠢᠵᠠᠭᠠᠷᠯᠠᠬᠤ᠂ | ᠡᠡ᠊ᠩ ᠤᠨ ᠣᠷᠣᠨ ᠰᠠᠭᠤᠴᠠ ᠪᠠ ᠡᠡ᠊ᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ | ᠪᠣᠯᠭᠠᠨ᠎ᠠ᠃ ︽ᠳᠥᠷᠪᠡ ᠶᠢ ᠪᠠᠭᠤᠷᠠᠭᠤᠯᠬᠤ︾ ᠭᠡᠳᠡᠭ ᠨᠢ ᠳᠠᠷᠤᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠣᠷᠣᠨ ᠰᠠᠭᠤᠴᠠ ᠶᠢᠨ | ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ᠂ ᠦᠯᠡᠳᠡᠭᠡᠯ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠭᠡᠷ | ᠪᠠᠶᠢᠰᠢᠩ ᠬᠤᠳᠠᠯᠳᠤᠨ ᠠᠪᠴᠤ ᠠᠷᠠᠯᠵᠢᠶᠠᠯᠠᠬᠤ ᠭᠤᠭᠴᠤᠭ᠎ᠠ ᠶᠢᠨ ᠭᠠᠶᠢᠯᠢ ᠰᠦᠢᠳᠬᠡᠯ ᠢ ᠪᠠᠭᠤᠷᠠᠭᠤᠯᠤᠨ᠎ᠠ᠃ ︽ | ᠬᠤᠶᠠᠷ ᠢ ᠨᠡᠮᠡᠭᠳᠡᠭᠦᠯᠬᠦ︾ ᠭᠡᠳᠡᠭ ᠨᠢ ᠳᠠᠷᠤᠢ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ 100 ᠲᠦᠮᠡᠨ ᠢᠵᠢ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠪᠠ ᠨᠤᠷᠠᠬᠤ | ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠰᠢᠨ᠎ᠡ ᠪᠠᠷ ᠨᠡᠮᠡᠭᠳᠡᠭᠦᠯᠦᠨ ᠬᠡᠷᠡᠭᠵᠢᠭᠦᠯᠵᠦ᠂ | 2024 ᠣᠨ ᠤ ᠵᠢᠯ ᠤᠨ ᠡᠴᠦᠰ ᠠᠴᠠ ᠡᠮᠦᠨ᠎ᠡ ︽ᠴᠠᠭᠠᠨ ᠨᠡᠷᠡᠰ︾ ᠤᠨ ᠲᠦᠷᠦᠯ ᠵᠦᠢᠯ ᠤᠨ ᠢᠲᠡᠭᠡᠮᠵᠢᠲᠦ | ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ ᠪᠣᠯᠭᠠᠨ ᠨᠡᠮᠡᠭᠳᠡᠭᠦᠯᠦᠨ᠎ᠡ᠃ ᠡᠭᠦᠨ ᠤ ᠵᠡᠷᠭᠡ ᠳᠤ᠂ | ᠣᠯᠠᠨ ᠭᠠᠵᠠᠷ ᠤᠨ ᠬᠢᠨ ︽ᠵᠠᠭᠤᠨ ᠬᠤᠲᠠ ᠮᠢᠩᠭᠠᠨ ᠠᠵᠤ ᠠᠬᠤᠶᠢᠯᠠᠯ ᠤᠨ ᠲᠠᠸᠠᠷ ᠤᠨ ᠣᠷᠣᠨ ᠰᠠᠭᠤᠴᠠ ᠶᠢᠨ | ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ︾ ᠥᠷᠨᠢᠭᠦᠯᠵᠦ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠨᠡᠶᠢᠲᠡᠯᠡᠨ᠂ | ᠠᠯᠲᠠᠨ ᠨᠠᠮᠤᠷ ᠤᠨ ᠪᠣᠷᠤᠯᠠᠭᠤᠯᠭ᠎ᠠ ᠶᠢ ᠠᠬᠢᠭᠤᠯᠬᠤ ᠤᠯᠠᠷᠢᠯ᠂ ᠣᠷᠣᠨ ᠰᠠᠭᠤᠴᠠ ᠶᠢᠨ ᠦᠵᠡᠭᠦᠯᠦᠯᠭᠡ ᠶᠢᠨ ᠬᠤᠷᠠᠯ᠂ | ᠡᠭᠦᠯᠡᠨ ᠦᠵᠡᠭᠦᠯᠦᠯᠭᠡ ᠶᠢᠨ ᠲᠢᠩᠬᠢᠮ᠂ ᠰᠢᠭᠤᠳ ᠨᠡᠪᠲᠡᠷᠡᠭᠦᠯᠭᠡ ᠪᠠᠷ ᠣᠷᠣᠨ ᠰᠠᠭᠤᠴᠠ ᠦᠵᠡᠬᠦ ᠵᠡᠷᠭᠡ ᠣᠯᠠᠨ | ᠵᠦᠢᠯ ᠤᠨ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠸᠠᠷ ᠤᠨ ᠣᠷᠣᠨ | ᠰᠠᠭᠤᠴᠠ ᠶᠢᠨ ᠪᠣᠷᠤᠯᠠᠭᠤᠯᠭ᠎ᠠ ᠶᠢ ᠠᠬᠢᠭᠤᠯᠬᠤ ᠵᠢᠴᠢ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠵᠡᠷᠭᠡ ᠶᠢ ᠵᠣᠬᠢᠶᠠᠨ ᠪᠠᠶᠢᠭᠤᠯᠵᠤ᠂ ᠬᠡᠷᠡᠭᠯᠡᠭᠡᠨ ᠤ ᠬᠠᠯᠠᠭᠤᠨ ᠥᠷᠨᠢᠯᠲᠡ ᠶᠢ ᠬᠦᠴᠦᠯᠡᠨ ᠬᠥᠭᠵᠢᠭᠡᠨ᠎ᠡ᠃ | | | ᠬᠤᠶᠠᠷ ᠲᠤ᠂ ᠲᠠᠸᠠᠷ ᠤᠨ ᠣᠷᠣᠨ ᠰᠠᠭᠤᠴᠠ ᠶᠢᠨ ᠲᠦᠷᠦᠯ ᠵᠦᠢᠯ ᠤᠨ ᠪᠠᠲᠤᠯᠠᠭᠠᠲᠤ ᠲᠤᠰᠢᠶᠠᠬᠤ ᠣᠷᠣᠨ | ᠰᠠᠭᠤᠴᠠ ᠶᠢᠨ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠬᠤᠳᠠᠯᠳᠤᠨ ᠠᠪᠤᠭᠴᠢ ᠶᠢᠨ | ᠰᠡᠳᠬᠢᠯ ᠢ ᠲᠠᠶᠢᠪᠤᠰᠢᠷᠠᠭᠤᠯᠤᠨ᠎ᠠ᠃ ᠠᠵᠢᠯ ᠤᠨ ᠠᠬᠢᠴᠠ ᠶᠢ ᠠᠳᠬᠤᠵᠤ᠂ ᠪᠥᠬᠦ ᠤᠯᠤᠰ ᠤᠨ ᠪᠠᠲᠤᠯᠠᠭᠠᠲᠤ | ᠲᠤᠰᠢᠶᠠᠬᠤ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ᠂ ᠢᠵᠢ ᠲᠤᠰᠢᠶᠠᠭᠰᠠᠨ | ᠡᠭᠦᠷᠭᠡ ᠪᠦᠷᠢ ᠶᠢ ᠳᠡᠩᠰᠡᠯᠡᠨ ᠺᠠᠷᠲᠯᠠᠵᠤ᠂ ᠨᠢᠭᠡ ᠢᠵᠢ ᠶᠢ ᠲᠤᠰᠢᠶᠠᠪᠠᠯ᠂ ᠨᠢᠭᠡ ᠢᠵᠢ ᠶᠢ ᠳ᠋ᠤᠭᠠᠷ ᠬᠠᠰᠤᠬᠤ ᠶᠢ | ᠪᠡᠶᠡᠯᠡᠭᠦᠯᠬᠦ ᠬᠡᠷᠡᠭᠲᠡᠢ᠃ ᠲᠥᠷᠥᠯ ᠬᠤᠪᠢᠶᠠᠨ ᠠᠬᠢᠭᠤᠯᠬᠤ ᠶᠢ ᠠᠳᠬᠤᠵᠤ᠂ ᠣᠷᠣᠨ ᠨᠤᠲᠤᠭ ᠤᠨ ᠵᠠᠰᠠᠭ ᠤᠨ | ᠣᠷᠳᠣᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ | ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ | ᠶᠣᠰᠣᠭᠠᠷ᠂ ︽ᠨᠢᠭᠡ ᠲᠦᠷᠦᠯ ᠵᠦᠢᠯ ᠳᠤ ᠨᠢᠭᠡ ᠠᠷᠭ᠎ᠠ ᠪᠣᠳᠣᠯᠭ᠎ᠠ︾ ᠪᠠᠷ ᠲᠥᠷᠥᠯ ᠬᠤᠪᠢᠶᠠᠨ ᠰᠢᠢᠳᠪᠦᠷᠢᠯᠡᠨ᠎ᠡ᠃ | ᠬᠢᠨᠠᠨ ᠵᠢᠯᠤᠭᠤᠳᠴᠤ ᠵᠣᠬᠢᠴᠠᠭᠤᠯᠬᠤ ᠶᠢ ᠠᠳᠬᠤᠵᠤ᠂ ᠤᠯᠤᠰ᠂ ᠮᠤᠵᠢ᠂ ᠬᠤᠲᠠ ᠭᠤᠷᠪᠠᠨ ᠱᠠᠲᠤᠨ ᠤ ᠲᠤᠰᠬᠠᠢ | ᠠᠩᠭᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠬᠡᠷᠡᠭᠯᠡᠨ᠂ ᠲᠥᠷᠥᠯ ᠵᠦᠢᠯ ᠤᠨ ᠣᠷᠣᠨ ᠪᠦᠰᠡ | ᠠᠯᠤᠰᠯᠠᠭᠰᠠᠨ ᠪᠡᠯᠡ ᠮᠥᠩᠭᠦ ᠶᠢ ᠱᠠᠮᠰᠢᠬᠤ᠂ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠡᠳ᠋ | ᠬᠥᠷᠥᠩᠭᠡ ᠶᠢ ᠰᠢᠢᠳᠪᠦᠷᠢᠯᠡᠬᠦ ᠵᠡᠷᠭᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠲᠤᠰᠢᠶᠠᠨ ᠥᠭᠬᠦ ᠶᠠᠰᠤ ᠴᠢᠨᠠᠷ ᠢ ᠠᠳᠬᠤᠵᠤ᠂ ᠡᠯ᠎ᠡ ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠭᠡᠷ | ᠪᠠᠶᠢᠰᠢᠩ ᠢ ᠰᠠᠶᠢᠨ ᠮᠥᠷᠲᠡᠭᠡᠨ ᠴᠢᠨᠠᠷ ᠰᠠᠶᠢᠲᠤᠷ ᠪᠠᠷᠢᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠠᠷᠠᠭ᠎ᠠ | ᠰᠠᠶ᠋ᠢ ᠭᠡᠷ ᠪᠠᠶᠢᠰᠢᠩ ᠬᠤᠳᠠᠯᠳᠤᠨ ᠠᠪᠤᠭᠴᠢ ᠳᠤ ᠲᠤᠰᠢᠶᠠᠬᠤ ᠬᠡᠷᠡᠭᠲᠡᠢ ᠃ 2024 ᠣᠨ ᠤ ᠡᠴᠦᠰ ᠪᠣᠯᠲᠠᠯ᠎ᠠ᠂ | 338 ᠲᠦᠮᠡᠨ ᠢᠵᠢ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢ ᠲᠤᠰᠢᠶᠠᠨ ᠥᠭᠴᠦ᠂ ᠲᠣᠭᠲᠠᠭᠰᠠᠨ | ᠬᠠᠷᠠᠯᠲᠠ ᠪᠠᠨ ᠪᠡᠶᠡᠯᠡᠭᠦᠯᠪᠡ᠃ | | | ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠲᠠᠷᠠᠭ᠎ᠠ᠂ ᠵᠠᠬ᠎ᠠ | ᠳᠡᠯᠭᠡᠭᠦᠷ ᠤᠨ ᠢᠲᠡᠭᠡᠯ ᠲᠠᠰᠤᠷᠠᠯᠲᠠ ᠦᠭᠡᠢ ᠨᠡᠮᠡᠭᠳᠡᠵᠦ᠂ ᠵᠠᠶᠢᠯᠠᠰᠢ ᠦᠭᠡᠢ ᠪᠠ ᠰᠠᠶᠢᠵᠢᠷᠠᠭᠤᠯᠤᠯᠲᠠ ᠶᠢᠨ ᠴᠢᠨᠠᠷᠲᠠᠢ | ᠬᠡᠷᠡᠭᠴᠡᠭᠡ ᠪᠦᠲᠦᠮᠵᠢᠲᠡᠢ ᠨᠡᠮᠡᠭᠳᠡᠵᠦ᠂ 2024 ᠣᠨ ᠤ 10 ᠳ᠋ᠤᠭᠠᠷ ᠰᠠᠷ᠎ᠠ᠂ 11 ᠳ᠋ᠦ᠋ᠭᠡᠷ ᠰᠠᠷ᠎ᠠ ᠳᠤ ᠰᠢᠨ᠎ᠡ ᠪᠠᠷ | ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠭᠰᠠᠨ | ᠲᠠᠯᠠᠪᠠᠢ 2 ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠢᠭᠡᠳᠦᠭᠡᠷ ᠲᠡᠰ ᠤᠨ ᠬᠤᠳᠠ ᠨᠢ | ᠬᠤᠶᠠᠳᠤᠭᠠᠷ ᠭᠤᠷᠪᠠᠳᠤᠭᠠᠷ ᠲᠡᠰ ᠤᠨ ᠬᠤᠳᠠ ᠶᠢᠨ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠨᠡᠮᠡᠭᠳᠡᠯ ᠢ | ᠲᠠᠶᠢᠴᠢᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠪᠠᠭᠤᠷᠠᠬᠤ ᠶᠢ ᠵᠣᠭᠰᠣᠭᠠᠵᠤ ᠲᠠᠬᠢᠨ | ᠲᠣᠭᠲᠠᠪᠤᠷᠢᠵᠢᠭᠤᠯᠬᠤ ᠶᠢ ᠠᠬᠢᠭᠤᠯᠬᠤ ᠠᠵᠢᠯ ᠢᠳᠡᠪᠬᠢᠲᠡᠢ ᠪᠠᠶᠢᠳᠠᠯ ᠢᠯᠡᠷᠡᠵᠡᠢ᠃ | | | ᠬᠤᠷᠠᠯ ᠠᠴᠠ᠂ 2025 ᠣᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠬᠤ ᠳᠤ ᠬᠤᠶᠠᠷ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠬᠡᠷᠡᠭᠴᠡᠭᠡ ᠱᠠᠭᠠᠷᠳᠠᠯᠭ᠎ᠠ ᠶᠢ | ᠬᠦᠴᠦᠯᠡᠨ ᠪᠠᠳᠠᠷᠠᠭᠤᠯᠤᠨ᠎ᠠ᠃ ︽ᠳᠥᠷᠪᠡ ᠶᠢ ᠬᠦᠴᠦᠨ ᠦᠭᠡᠢ ᠪᠣᠯᠭᠠᠬᠤ᠂ ᠳᠥᠷᠪᠡ ᠶᠢ ᠪᠠᠭᠤᠷᠠᠭᠤᠯᠬᠤ᠂ ᠬᠤᠶᠠᠷ ᠢ | ᠨᠡᠮᠡᠭᠳᠡᠭᠦᠯᠬᠦ︾ ᠡᠯ᠎ᠡ ᠵᠦᠢᠯ ᠤᠨ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠶᠢ | ᠡᠷᠡᠰ ᠢᠶᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠵᠠᠶᠢᠯᠠᠰᠢ ᠦᠭᠡᠢ ᠪᠠ | ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢ ᠶᠡᠬᠡᠪᠡᠷ ᠳᠡᠮᠵᠢᠨ᠎ᠡ᠃ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ ᠶᠢᠨ ᠦᠢᠯᠡᠳᠦᠯ ᠢ ᠪᠦᠳᠦᠮᠵᠢᠳᠡᠢ ᠪᠠᠳᠠᠷᠠᠭᠤᠯᠵᠤ᠂ ᠬᠤᠳᠠ ᠶᠢᠨ | ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ | ᠬᠦᠴᠦᠯᠡᠨ ᠠᠬᠢᠭᠤᠯᠵᠤ᠂ ᠵᠤᠭᠤᠰᠵᠢᠭᠤᠯᠤᠨ ᠲᠥᠪᠬᠢᠨᠡᠭᠦᠯᠬᠦ ᠶᠢ ᠲᠦᠯᠬᠢᠨ ᠠᠬᠢᠭᠤᠯᠵᠤ᠂ 100 ᠲᠦᠮᠡᠨ ᠢᠵᠢ ᠶᠢ | ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠂ ᠣᠷᠣᠨ ᠰᠠᠭᠤᠴᠠ ᠶᠢᠨ | ᠨᠥᠬᠦᠴᠡᠯ ᠢ ᠰᠠᠶᠢᠵᠢᠷᠠᠭᠤᠯᠤᠨ᠎ᠠ᠃ ᠤᠯᠠᠨ ᠲᠦᠮᠡᠨ ᠤ ᠥᠭᠡᠷᠡᠴᠢᠯᠡᠬᠦ ᠬᠦᠰᠡᠯ ᠰᠠᠨᠠᠭ᠎ᠠ ᠪᠠᠷ ᠴᠢᠩᠭ᠎ᠠ ᠂ | ᠨᠥᠬᠦᠴᠡᠯ ᠢᠶᠠᠷ ᠨᠡᠯᠢᠶᠡᠳ ᠪᠣᠯᠪᠠᠰᠤᠷᠠᠩᠭᠤᠢ ᠲᠦᠷᠦᠯ ᠵᠦᠢᠯ ᠢ ᠭᠤᠣᠯᠳᠠᠯᠭ᠎ᠠ ᠲᠠᠢ ᠪᠠᠷ ᠲᠡᠮᠵᠢᠨ᠎ᠠ᠃ ᠬᠤᠶᠠᠷ ᠲᠤ᠂ | ᠬᠠᠩᠭᠠᠯᠭ᠎ᠠ ᠶᠢ ᠬᠦᠴᠦᠯᠡᠨ ᠰᠠᠶᠢᠵᠢᠷᠠᠭᠤᠯᠤᠨ᠎ᠠ᠃ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ | ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠬᠡᠮᠵᠢᠶ᠎ᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠃ ᠬᠡᠷᠡᠭᠴᠡᠭᠡ ᠪᠠᠷ ᠬᠤᠳᠠᠯᠳᠤᠨ ᠠᠪᠬᠤ᠂ ᠬᠡᠷᠡᠭᠴᠡᠭᠡ ᠪᠠᠷ ᠪᠠᠷᠢᠬᠤ ᠶᠢ ᠲᠣᠭᠲᠠᠭᠠᠵᠤ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠲᠦᠭᠡᠭᠡᠨ ᠬᠤᠳᠠᠯᠳᠤᠬᠤ | ᠬᠡᠯᠪᠡᠷᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠡᠷᠴᠢᠮ ᠢ ᠴᠢᠩᠭᠠᠷᠠᠭᠤᠯᠵᠤ᠂ ᠪᠠᠰᠠ ᠨᠢᠭᠡ ᠪᠦᠯᠦᠭ ᠰᠢᠨ᠎ᠡ | ᠬᠤᠳᠠ ᠶᠢᠨ ᠠᠷᠠᠳ᠂ ᠵᠠᠯᠠᠭᠤᠴᠤᠳ᠂ ᠬᠥᠯᠥᠰᠦᠨ ᠠᠵᠢᠯᠴᠢᠨ ᠵᠡᠷᠭᠡ ᠶᠢ ᠬᠠᠪᠰᠤᠷᠴᠤ ᠠᠮᠤᠷ ᠲᠠᠶᠢᠪᠤᠩ ᠣᠷᠣᠨ | ᠰᠠᠭᠤᠴᠠ ᠲᠠᠢ ᠪᠣᠯᠭᠠᠨ᠎ᠠ᠃ | | | ᠬᠠᠷᠠᠯᠲᠠ ᠲᠣᠳᠣᠷᠬᠠᠢ᠂ ᠭᠤᠣᠯ ᠨᠢ ᠨᠠᠶᠢᠳᠠᠪᠤᠷᠢᠵᠢᠭᠤᠯᠬᠤ ᠳᠤ ᠪᠤᠢ᠃ ᠪᠦᠬᠦ ᠤᠯᠤᠰ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠬᠤᠷᠠᠯᠳᠤᠭᠠᠨ ᠤ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ ᠬᠠᠳᠠᠭᠠᠰᠤ ᠬᠠᠳᠠᠬᠤ︾ ᠵᠣᠷᠢᠭ | ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠤᠨ᠎ᠠ᠃ |