| | | | 1 ᠰᠠᠷ᠎ᠠ ᠶᠢᠨ 3 ᠤ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ | ᠠᠯᠪᠠᠨ ᠭᠡᠷ ︽ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ︾ | ᠶᠢᠨ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ 2025 ᠣᠨ ᠳᠤ ︽ᠶᠡᠭᠡ | ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠠᠬᠢᠭᠤᠯᠬᠤ︾ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠬᠦᠴᠦᠯᠡᠨ ᠥᠷᠭᠡᠳᠬᠡᠵᠦ᠂ | ︽ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ | ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ︾ ᠶᠢᠨ ᠵᠦᠢᠯᠡᠰ ᠢ ᠨᠠᠩ ᠬᠦᠴᠦᠲᠡᠢ ᠳᠡᠮᠵᠢᠬᠦ ᠬᠡᠷᠡᠭᠲᠡᠢ ᠭᠡᠵᠡᠢ᠃ | | | | ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ 2025 ᠣᠨ ᠳᠤ︽ᠤᠯᠤᠰ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ | ᠴᠢᠳᠠᠪᠤᠷᠢ ᠶᠢᠨ ᠪᠠᠶᠢᠭᠤᠯᠤᠯᠲᠠ︾ ᠶᠢᠨ ᠲᠥᠷᠥᠯ ᠵᠦᠢᠯ ᠢ ᠨᠠᠩ ᠬᠦᠴᠦᠲᠡᠢ ᠳᠡᠮᠵᠢᠨ᠎ᠠ ᠭᠡᠪᠡ᠃ | | | ᠤᠰᠤᠨ ᠠᠰᠢᠭᠯᠠᠯᠲᠠ ᠶᠢᠨ ᠳᠡᠮᠵᠢᠬᠦ ᠬᠡᠪᠴᠢᠶ᠎ᠡ ᠶᠢ ᠪᠦᠭᠦ ᠤᠯᠤᠰ ᠤᠨ ᠲᠣᠮᠣ ᠳᠤᠮᠳᠠ ᠭᠡᠯᠪᠡᠷᠢ ᠶᠢᠨ | ᠤᠰᠤᠯᠠᠯᠲᠠ ᠶᠢᠨ ᠣᠷᠣᠨ᠂ ᠲᠣᠮᠣ ᠳᠤᠮᠳᠠ ᠭᠡᠯᠪᠡᠷᠢ ᠶᠢᠨ ᠤᠰᠤ ᠲᠠᠲᠠᠵᠤ ᠤᠰᠤ ᠲᠣᠬᠢᠷᠠᠭᠤᠯᠬᠤ ᠢᠨᠵᠧᠨᠧᠷᠢᠩ | ᠭᠦᠷᠲᠡᠯ᠎ᠡ ᠥᠷᠭᠡᠳᠬᠡᠨ᠎ᠡ᠃ | ᠭᠤᠣᠯᠳᠠᠯᠭ᠎ᠠ ᠲᠠᠢ ᠬᠤᠲᠠ ᠶᠢᠨ ᠬᠦᠷᠢᠶᠡᠨ ᠤ ᠬᠤᠲᠠ ᠶᠢᠨ ᠬᠤᠭᠤᠷᠣᠨᠳᠣᠭᠢ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠵᠡᠷᠭᠡ ᠲᠥᠷᠥᠯ ᠵᠦᠢᠯ ᠢ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ | | | ᠪᠦᠭᠦ ᠤᠯᠤᠰ ᠤᠨ ᠬᠡᠪᠴᠢᠶᠡᠨ ᠳᠤ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ | ᠪᠦᠲᠦᠮᠵᠢᠲᠡᠢ ᠪᠠᠭᠤᠷᠠᠭᠤᠯᠬᠤ ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ | | | ᠨᠢᠳᠤᠨᠤᠨ 1000 ᠳ᠋ᠦᠩᠰᠢᠭᠤᠷ ᠲᠥᠭᠦᠷᠢᠭ ᠰᠢᠬᠠᠮ ᠤᠨ ᠲᠥᠷᠥᠯ ᠵᠦᠢᠯ ᠤᠨ ᠨᠠᠷᠢᠨ ᠲᠠᠩᠰᠠ ᠶᠢ | ᠤᠷᠢᠳᠴᠢᠯᠠᠨ ᠪᠠᠭᠤᠯᠭᠠᠭᠰᠠᠨ ᠰᠠᠭᠤᠷᠢᠨ ᠳᠡᠭᠡᠷ᠎ᠡ᠂ ᠣᠶᠢᠷ᠎ᠠ ᠶᠢᠨ ᠬᠤᠭᠤᠴᠠᠭᠠᠨ ᠳᠤ ᠪᠠᠰᠠ ᠨᠢᠭᠡ ᠪᠦᠯᠦᠭ ᠲᠥᠷᠥᠯ | ᠵᠦᠢᠯ ᠤᠨ ᠨᠠᠷᠢᠨ ᠲᠠᠩᠰᠠ ᠶᠢ ᠪᠠᠭᠤᠯᠭᠠᠵᠤ᠂ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠲᠦᠷᠭᠡᠬᠡᠨ | ᠪᠦᠷᠢᠯᠳᠦᠭᠦᠯᠬᠦ ᠶᠢ ᠠᠬᠢᠭᠤᠯᠬᠤ ᠪᠣᠯᠣᠨ᠎ᠠ᠃ | | | ᠡᠭᠦᠨ ᠠᠴᠠ ᠭᠠᠳᠠᠨ᠎ᠠ᠂ ︽ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ | ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ︾ ᠲᠥᠷᠥ ᠶᠢᠨ ᠪᠣᠳᠣᠯᠭ᠎ᠠ ᠶᠢ ᠬᠦᠴᠦᠯᠡᠨ | ᠥᠷᠭᠡᠳᠬᠡᠵᠦ ᠬᠡᠷᠡᠭᠵᠢᠭᠦᠯᠦᠨ᠎ᠡ᠃ | ᠨᠢᠭᠡ ᠳᠤ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠲᠥᠬᠦᠭᠡᠷᠦᠮᠵᠢ ᠶᠢ ᠰᠢᠨᠡᠳᠬᠡᠬᠦ ᠶᠢ ᠳᠡᠮᠵᠢᠬᠦ ᠬᠡᠪᠴᠢᠶ᠎ᠡ ᠶᠢ | ᠡᠯᠧᠺᠲᠷᠣᠨ ᠮᠡᠳᠡᠭᠡ ᠵᠠᠩᠭᠢ᠂ ᠠᠶᠤᠯᠭᠦᠢ ᠦᠢᠯᠡᠳᠪᠦᠷᠢᠯᠡᠯ᠂ ᠲᠥᠬᠦᠭᠡᠷᠦᠮᠵᠢᠲᠦ ᠲᠠᠷᠢᠶᠠᠯᠠᠩ ᠵᠡᠷᠭᠡ ᠬᠦᠷᠢᠶᠡᠨ ᠳᠤ | ᠭᠦᠷᠲᠡᠯ᠎ᠡ ᠥᠷᠭᠡᠳᠬᠡᠨ᠎ᠡ᠃ ᠭᠠᠷ ᠤᠲᠠᠰᠤ ᠵᠡᠷᠭᠡ ᠲᠣᠭᠠᠴᠢᠯᠠᠭᠰᠠᠨ ᠦᠢᠯᠡᠳᠬᠦᠨ ᠬᠤᠳᠠᠯᠳᠤᠨ ᠠᠪᠬᠤ ᠳᠤ ᠰᠢᠨ᠎ᠡ | ᠨᠥᠬᠦᠪᠦᠷᠢ ᠥᠭᠬᠦ ᠶᠢ ᠬᠡᠷᠡᠭᠵᠢᠭᠦᠯᠵᠦ᠂ ᠬᠤᠪᠢ ᠬᠥᠮᠥᠨ ᠤ ᠬᠡᠷᠡᠭᠯᠡᠭᠴᠢᠳ ᠭᠠᠷ ᠤᠲᠠᠰᠤ᠂ ᠬᠠᠪᠲᠠᠭᠠᠢ ᠣᠶᠤᠨᠲᠤ | ᠺᠤᠮᠫᠢᠥ᠋ᠲ᠋ᠧᠷ᠂ ᠣᠶᠤᠨᠲᠤ ᠭᠠᠷ ᠴᠠᠭ ᠵᠡᠷᠭᠡ 3 ᠲᠥᠷᠥᠯ ᠤᠨ ᠲᠣᠭᠠᠴᠢᠯᠠᠭᠰᠠᠨ ᠦᠢᠯᠡᠳᠬᠦᠨ ᠬᠤᠳᠠᠯᠳᠤᠨ | ᠠᠪᠬᠤ ᠳᠤ ᠨᠥᠬᠦᠪᠦᠷᠢ ᠥᠭᠭᠦᠨ᠎ᠡ᠃ | | | ᠬᠤᠶᠠᠷ ᠲᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠶᠢᠨ ᠬᠤᠲᠠ ᠶᠢᠨ ᠣᠯᠠᠨ ᠨᠡᠶᠢᠲᠡ ᠶᠢᠨ | ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ᠂ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠪᠠᠷᠢᠮᠵᠢᠶ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠭᠡᠷ ᠤᠨ ᠬᠡᠷᠡᠭᠯᠡᠭᠡᠨ ᠤ ᠵᠦᠢᠯᠡᠰ ᠤᠨ ᠰᠢᠨ᠎ᠡ ᠶᠢ ᠰᠣᠯᠢᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠬᠤ ᠪᠣᠯᠣᠨ᠎ᠠ᠃ | | | ︵ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ︶ | | |