| | | | ︵ᠰᠤᠷᠪᠤᠯᠵᠢᠯᠠᠭᠴᠢ ᠰᠦᠨ ᠶᠤᠸᠠᠢ ᠯᠦᠩ︶ 1 ᠳ᠋ᠦ᠋ᠭᠡᠷ ᠰᠠᠷ᠎ᠠ ᠶᠢᠨ 15 ᠤ ᠡᠳᠦᠷ ᠥᠪᠥᠷ ᠮᠣᠩᠭᠤᠯ ᠤᠨ | ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠤᠮᠫᠠᠨᠢ ᠶᠢᠨ ᠫᠠᠶᠢᠰᠠ ᠰᠡᠬᠦᠬᠦ | ᠶᠣᠰᠣᠯᠠᠯ ᠶᠠᠪᠤᠭᠳᠠᠭᠰᠠᠨ ᠨᠢ ᠬᠦᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ | ︵ᠳᠣᠷᠣᠭᠰᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠭᠡᠵᠦ ᠲᠣᠪᠴᠢᠯᠠᠪᠠ︶ ᠪᠦᠬᠦ ᠬᠤᠳᠠ ᠶᠢᠨ | ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠯᠠᠪᠳᠠᠭᠤᠨ | ᠪᠠᠲᠤᠲᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ | | | ᠥᠪᠥᠷ ᠮᠣᠩᠭᠤᠯ ᠤᠨ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ | ᠨᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠥᠪᠥᠷ ᠮᠣᠩᠭᠤᠯ ᠤᠨ ᠲᠦᠷᠭᠡᠨ | ᠱᠤᠭᠤᠮ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠺᠣᠮᠫᠠᠨᠢ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠥᠪᠥᠷ ᠮᠣᠩᠭᠤᠯ ᠤᠨ | ᠵᠢᠶᠠᠨ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ | ᠪᠣᠯᠣᠨ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ | ᠬᠠᠮᠲᠤᠪᠠᠷ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠡᠯᠡ ᠮᠥᠩᠭᠦ ᠭᠠᠷᠭᠠᠵᠤ᠂ 2000 | ᠲᠦᠮᠡᠨ ᠲᠥᠭᠦᠷᠢᠭ ᠤᠨ ᠬᠥᠷᠥᠩᠭᠡ ᠳᠠᠩᠰᠠᠯᠠᠭᠤᠯᠵᠤ᠂ ᠭᠤᠣᠯᠳᠠᠭᠤ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ | ᠦᠢᠯᠡᠴᠢᠯᠡᠭᠡ᠂ ᠨᠢᠰᠦᠯᠲᠡ ᠶᠢᠨ ᠪᠣᠯᠪᠠᠰᠤᠷᠠᠯ᠂ ᠠᠷᠠᠳ ᠤᠨ ᠬᠡᠷᠡᠭᠯᠡᠭᠡᠨ ᠤ ᠠᠭᠠᠷ ᠠᠶᠠᠯᠠᠯ ᠤᠨ ᠵᠢᠯᠣᠭᠤᠴᠢ ᠶᠢᠨ | ᠪᠣᠯᠪᠠᠰᠤᠷᠠᠯ᠂ ᠲᠣᠮᠣ ᠬᠡᠯᠪᠡᠷᠢ ᠶᠢᠨ ᠠᠭᠠᠷ ᠠᠶᠠᠯᠠᠯ ᠤᠨ ᠮᠠᠰᠢᠨ ᠤ ᠡᠵᠡᠩᠨᠡᠯᠲᠡ ᠵᠡᠷᠭᠡ ᠲᠤᠬᠠᠶᠢᠯᠠᠭᠰᠠᠨ ᠠᠵᠢᠯ ᠢ | ᠥᠷᠨᠢᠭᠦᠯᠦᠨ᠎ᠡ᠃ | | | ᠫᠠᠶᠢᠰᠠ ᠰᠡᠬᠦᠵᠦ ᠪᠠᠶᠢᠭᠤᠯᠤᠭᠳᠠᠭᠰᠠᠨ ᠲᠤᠬᠠᠢ ᠶᠢᠨ ᠡᠳᠦᠷ᠂ ᠥᠪᠥᠷ ᠮᠣᠩᠭᠤᠯ ᠤᠨ ᠳᠣᠣᠷ᠎ᠠ | ᠣᠭᠲᠠᠷᠭᠤᠢ ᠶᠢᠨ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠤᠷᠢᠳ ᠬᠤᠵᠢᠳ ᠱᠠᠩᠬᠠᠢ ᠶᠢᠨ ᠸᠧ | ᠯᠠᠨ ᠲᠧ ᠠᠭᠠᠷ ᠠᠶᠠᠯᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ eVTOL ᠨᠢᠰᠬᠡᠯ ᠬᠤᠳᠠᠯᠳᠤᠨ ᠠᠪᠬᠤ | ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠴᠢᠩ ᠱᠦᠢ ᠾᠧ ᠰᠢᠶᠠᠨ ᠤ ᠯᠣᠣ ᠨᠢᠦ ᠸᠠᠨ ᠨᠢᠰᠬᠡᠯ ᠤᠨ | ᠪᠠᠭᠤᠳᠠᠯ ᠲᠠᠢ ᠠᠭᠠᠷ ᠠᠶᠠᠯᠠᠯ ᠤᠨ ᠱᠤᠭᠤᠮ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠵᠥᠪᠯᠡᠯᠴᠡᠭᠡᠷ ᠲᠣᠭᠲᠠᠵᠤ᠂ | ᠭᠤᠸᠠᠩᠳᠦ᠋ᠩ ᠮᠤᠵᠢ ᠶᠢᠨ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠨᠡᠶᠢᠭᠡᠮᠯᠢᠭ ᠲᠠᠢ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ | | | ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠣᠣᠷ᠎ᠠ ᠣᠭᠲᠠᠷᠭᠤᠢ ᠶᠢᠨ | ᠠᠵᠤ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠬᠦ | ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠨᠢ ᠪᠦᠬᠦ ᠬᠤᠲᠠ ᠶᠢᠨ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ | ᠲᠠᠯ᠎ᠠ ᠳᠤ ᠢᠳᠡᠪᠬᠢᠲᠡᠢ ᠠᠭᠤᠰᠤᠯᠴᠠᠵᠤ᠂ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠠᠵᠤ ᠦᠢᠯᠡᠰ ᠤᠨ | ᠲᠦᠷᠭᠡᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠴᠠᠭᠠᠨ | ᠰᠤᠪᠤᠷᠭ᠎ᠠ ᠨᠢᠰᠬᠡᠯ ᠤᠨ ᠪᠠᠭᠤᠳᠠᠯ ᠢ ᠨᠡᠭᠦᠯᠭᠡᠭᠰᠡᠨ ᠤ ᠳᠠᠷᠠᠭ᠎ᠠ ᠬᠠᠭᠤᠴᠢᠨ ᠨᠢᠰᠬᠡᠯ ᠤᠨ ᠪᠠᠭᠤᠳᠠᠯ ᠤᠨ ᠠᠭᠠᠷ ᠤᠨ | ᠣᠷᠣᠨ ᠤ ᠬᠠᠮᠢᠶᠠᠷᠤᠯᠲᠠ ᠪᠠ ᠰᠠᠭᠤᠷᠢ ᠲᠥᠬᠦᠭᠡᠷᠦᠮᠵᠢ ᠶᠢᠨ ᠵᠥᠭᠡᠯᠡᠨ ᠬᠠᠲᠠᠭᠤ ᠲᠣᠨᠤᠭ ᠤᠨ ᠳᠠᠪᠠᠭᠤᠯᠢᠭ᠂ | ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠣᠷᠣᠨ ᠪᠠᠶᠢᠷᠢ ᠶᠢᠨ ᠳᠠᠪᠠᠭᠤᠯᠢᠭ᠂ ᠤᠯᠤᠰ ᠤᠨ ᠲᠠᠰ ᠤᠨ | ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ ᠤᠨ ᠴᠢᠳᠠᠪᠤᠷᠢᠲᠠᠨ ᠤ ᠳᠠᠪᠠᠭᠤᠯᠢᠭ᠂ | ᠰᠠᠭᠠᠯᠢᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠷᠢᠭᠦᠨ ᠤ ᠦᠢᠯᠡᠳᠬᠦ ᠦᠢᠯᠡᠰ ᠤᠨ | ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠳᠣᠣᠷ᠎ᠠ ᠤᠷᠤᠰᠬᠠᠯ ᠤᠨ ᠬᠡᠷᠡᠭᠯᠡᠭᠡᠨ ᠤ ᠠᠬᠤᠢ ᠪᠠᠶᠢᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠢᠭᠡ ᠴᠥᠮ᠎ᠡ ᠨᠢᠭᠡ ᠰᠤᠷᠭᠠᠭᠤᠯᠢ ᠭᠤᠷᠪᠠᠨ ᠰᠠᠭᠤᠷᠢᠨ ᠭᠠᠵᠠᠷ︾ ᠤᠨ | ᠪᠠᠶᠢᠷᠢᠰᠢᠯ ᠢ ᠪᠠᠶᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠨᠢ ᠳᠡᠭᠡᠳᠦ ᠳᠤᠮᠳᠠ ᠳᠣᠣᠷᠠᠳᠤ ᠤᠷᠤᠰᠬᠠᠯ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ | ᠠᠭᠤᠰᠤᠯᠴᠠᠨ ᠬᠥᠭᠵᠢᠬᠦ ᠶᠢ ᠬᠥᠲᠥᠯᠥᠨ ᠳᠠᠭᠠᠭᠤᠯᠵᠤ᠂ ᠳᠣᠣᠷ᠎ᠠ ᠣᠭᠲᠠᠷᠭᠤᠢ ᠶᠢᠨ ᠠᠵᠤ ᠦᠢᠯᠡᠰ ᠤᠨ | ᠬᠡᠯᠬᠢᠶ᠎ᠡ ᠶᠢᠨ ᠥᠨᠳᠥᠷ ᠳᠠᠪᠲᠠᠮᠵᠢᠲᠤ ᠬᠠᠷᠢᠯᠴᠠᠨ ᠬᠥᠳᠡᠯᠦᠯᠴᠡᠬᠦ ᠪᠠ ᠠᠮᠢ ᠠᠬᠤᠢ ᠶᠢᠨ ᠴᠡᠴᠡᠭᠯᠡᠯᠲᠡ ᠶᠢ | ᠠᠬᠢᠭᠤᠯᠤᠨ᠎ᠠ᠃ |